ᠪᠠᠭᠠᠷᠢᠨ ᠵᠡᠭᠦᠨ ᠬᠤᠰᠢᠭᠤ ᠨᠢ ᠦᠨᠳᠦᠰᠦᠲᠡᠨ ᠤ ᠠᠵᠢᠯ ᠢ ᠵᠣᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/24
     4 ᠰᠠᠷ᠎ᠠ ᠶᠢᠨ 20 ᠤ ᠡᠳᠦᠷ᠂ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ  ᠨᠢ ᠦᠨᠳᠦᠰᠦᠲᠡᠨ ᠤ ᠠᠵᠢᠯ ᠢ ᠵᠣᠬᠢᠴᠠᠭᠤᠯᠬᠤ ᠬᠤᠷᠠᠯ ᠬᠤᠷᠠᠯᠳᠤᠭᠤᠯᠪᠠ᠃  ᠬᠤᠷᠠᠯ ᠨᠢ ᠭᠤᠤᠯᠳᠠᠭᠤ ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ︾ ᠵᠢᠴᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠵᠣᠬᠢᠴᠠᠭᠤᠯᠤᠨ ᠠᠵᠢᠯ ᠢᠶᠠᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠮᠥᠩᠭᠦᠨ  ᠭᠦᠢᠯᠡᠭᠡᠭᠡᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ  ᠨᠠᠷ ᠬᠤᠷᠠᠯ ᠳᠤ ᠣᠷᠣᠯᠴᠠᠪᠠ᠃ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠮᠥᠩᠬᠡ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ  ᠠᠴᠠ ᠵᠢᠭᠠᠵᠤ ᠭᠠᠷᠭᠠᠬᠰᠠᠨ ᠨᠢ᠂ ︽ᠪᠠᠭᠠᠷᠢᠨ ᠵᠡᠭᠦᠨ ᠬᠤᠰᠢᠭᠤᠨ ᠤ 2023 ᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠭᠤᠤᠯᠳᠠᠯᠭ᠎ᠠ ᠲᠠᠢ ᠡᠭᠦᠷᠭᠡ ᠶᠢᠨ ᠡᠬᠡ ᠲᠠᠩᠰᠠ︾ ᠶᠢᠨ ᠨᠢᠭᠡᠳᠦᠮᠡᠯ ᠹᠷᠣᠨᠲ ᠪᠣᠯᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠢᠶᠠᠷ ᠲᠦᠷᠦᠭᠦᠯᠡᠭᠦᠯᠦᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠡᠭᠦᠷᠭᠡ ᠶᠢ ᠨᠠᠷᠢᠯᠢᠬᠵᠢᠭᠤᠯᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ ︽ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠵᠤ᠂ ︿ᠲᠦᠷᠪᠡᠨ ᠣᠨᠴᠠᠭᠠᠢ﹀ ᠺᠠᠳ᠋ᠷ ᠪᠣᠯᠬᠤ︾ ᠭᠤᠣᠯ ᠰᠡᠳᠦᠪᠲᠦ ᠪᠣᠯᠪᠠᠰᠤᠷᠠᠯ ᠢ ᠰᠠᠶᠢᠲᠤᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠤᠯᠪᠣᠭᠳᠠᠯ ᠪᠦᠬᠦᠢ ᠬᠢᠴᠢᠶᠡᠯ ᠤᠨ ᠡᠵᠡᠯᠡᠬᠦ ᠬᠠᠷᠢᠴᠠᠯ ᠢ ᠶᠡᠷᠦᠩᠬᠡᠢ ᠬᠢᠴᠢᠶᠡᠯ ᠤᠨ ᠴᠠᠭ ᠤᠨ 10 % ᠠᠴᠠ ᠳᠡᠭᠡᠭᠰᠢ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠤᠮᠠᠷᠠᠲᠤ ᠬᠢᠯᠢ ᠪᠠᠨ ᠴᠣᠭᠴᠠᠯᠠᠬᠤ︾ ᠰᠢᠷᠢᠰ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ︽ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠦᠯᠢᠭᠡᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠥᠷᠨᠢᠭᠦᠯᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠶᠢ ᠡᠷᠭᠢᠯᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠠ ᠶᠢ ᠨᠡᠷᠡᠯᠡᠨ ᠲᠠᠨᠢᠯᠴᠠᠭᠤᠯᠬᠤ ᠠᠵᠢᠯ ᠢ ᠰᠠᠶᠢᠲᠤᠷ ᠬᠢᠨ᠎ᠠ᠃ ᠳᠥᠷᠪᠡ ᠳᠤ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠭᠤᠷᠪᠠᠨ ᠬᠠᠪᠴᠢᠯ ᠤᠨ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠳᠠᠪᠠᠭᠤᠯᠢᠭ ᠲᠤ ᠲᠦᠰᠢᠭᠯᠡᠨ᠂ ︽ᠭᠠᠷ ᠭᠠᠷ ᠢᠶᠠᠨ ᠬᠤᠯᠪᠣᠬᠤ︾᠂ ︽ᠬᠠᠪᠰᠤᠷᠤᠯᠴᠠᠭ᠎ᠠ ᠪᠠᠶᠢᠭᠤᠯᠬᠤ︾᠂ ︽ᠰᠡᠳᠬᠢᠯ ᠵᠢᠷᠦᠬᠡ ᠪᠠᠨ ᠬᠤᠯᠪᠣᠬᠤ︾ ᠵᠡᠷᠭᠡ ᠬᠤᠤᠰ ᠴᠢᠭᠯᠡᠯ ᠢᠶᠠᠷ ᠰᠣᠯᠢᠯᠴᠠᠬᠤ  ᠠᠵᠢᠯᠯᠠᠭ᠎ᠠ ᠶᠢ ᠥᠷᠭᠡᠨ ᠢᠶᠠᠷ ᠦᠷᠨᠢᠭᠦᠯᠬᠦ ᠬᠡᠷᠡᠭᠳᠡᠢ ᠭᠡᠵᠠᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号