ᠪᠠᠭᠠᠷᠢᠨ ᠵᠡᠭᠦᠨ ᠬᠤᠰᠢᠭᠤᠨ ᠤ ᠪᠠᠷᠠᠭᠤᠨ ᠬᠤᠳᠠ ᠳᠣᠭᠤᠷᠢᠭ ᠨᠢ 2023 ᠣᠨ ᠤ ᠬᠦᠷᠰᠢ ᠵᠡᠷᠭᠡᠯᠡᠳᠡᠭᠡ ᠨᠡᠶᠢᠭᠡᠮ ᠲᠣᠭᠤᠷᠢᠭ ᠤᠨ ᠪᠠᠶᠠᠷ ᠤᠨ ᠡᠳᠦᠷ ᠤᠨ ᠡᠬᠢᠯᠡᠯᠲᠡ ᠶᠢᠨ ᠶᠣᠰᠣᠯᠠᠯ ᠢ ᠶᠠᠪᠤᠬᠳᠠᠭᠤᠯᠤᠬᠰᠠᠨ ᠨᠢ
ᠨᠡᠶᠢᠲᠡᠯᠡᠭᠰᠡᠨ ᠴᠠᠭ᠄
2023/4/24
    ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ᠂ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠶᠢ ᠠᠬᠢᠭᠤᠯᠬᠤ ᠪᠣᠯ ᠨᠡᠶᠢᠭᠡᠮ ᠤᠨ ᠡᠶ᠎ᠡ ᠵᠣᠬᠢᠴᠠᠩᠭᠤᠢ ᠶᠢᠨ ᠴᠢᠬᠤᠯᠠ ᠰᠠᠭᠤᠷᠢ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠴᠢᠬᠤᠯᠠ ᠠᠷᠭ᠎ᠠ ᠬᠡᠯᠪᠡᠷᠢ ᠮᠥᠨ᠃ ᠬᠥᠷᠰᠢ ᠵᠡᠷᠭᠡᠯᠡᠳᠡᠭᠡ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂  ᠪᠠᠷᠠᠭᠤᠨ ᠬᠤᠳᠠ  ᠳᠣᠭᠤᠷᠢᠭ ᠤᠨ ᠬᠢᠳᠠᠨ ᠵᠡᠭᠡᠯᠢ ᠶᠢᠨ ᠨᠡᠶᠢᠭᠡᠮ ᠲᠣᠭᠤᠷᠢᠭ ᠲᠤ 2023 ᠣᠨ ᠤ ᠬᠥᠷᠰᠢ ᠵᠡᠷᠭᠡᠯᠡᠳᠡᠭᠡ ᠨᠡᠶᠢᠭᠡᠮ ᠲᠣᠭᠤᠷᠢᠭ ᠤᠨ ᠪᠠᠶᠠᠷ ᠤᠨ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠠᠭᠠᠷᠢᠨ ᠵᠡᠭᠦᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ᠂ ᠪᠠᠭᠠᠷᠢᠨ ᠵᠡᠭᠦᠨ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂  ᠪᠠᠷᠠᠭᠤᠨ ᠬᠤᠳᠠ ᠳᠣᠭᠤᠷᠢᠭ ᠤᠨ ᠶᠡᠷᠦᠩᠬᠡᠶᠢᠯᠡᠨ ᠵᠠᠰᠠᠬᠤ ᠠᠯᠪᠠᠨ ᠬᠡᠷ᠂ ᠪᠠᠷᠠᠭᠤᠨ ᠬᠤᠲᠠ ᠶᠢᠨ ᠬᠠᠤᠯᠢ ᠴᠠᠭᠠᠵᠠ ᠶᠢᠨ ᠭᠠᠵᠠᠷ᠂ ᠪᠠᠭᠠᠷᠢᠨ ᠵᠡᠭᠦᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠪᠠᠶᠢᠭᠤᠯᠭ᠎ᠠ ᠨᠢᠭᠡᠴᠠ ᠶᠢᠨ  60 ᠭᠠᠷᠤᠶ ᠰᠠᠶᠢᠨ ᠳᠤᠷᠠᠴᠤᠳ ᠠᠵᠢᠯᠯᠠᠭ᠎ᠠ ᠳᠤ ᠣᠷᠣᠯᠴᠠᠪᠠ᠃      ᠳᠣᠰ ᠠᠵᠢᠯᠯᠠᠭᠠᠨ ᠨᠢ ︽ᠳ᠋ᠧᠩ ᠤᠨ ᠬᠡᠷᠡᠯ ᠳᠤᠸᠠᠯᠠᠭᠰᠠᠨ ᠳᠤᠮᠳᠠᠳᠤ ᠤᠯᠤᠰ︾ ᠭᠡᠬᠦ ᠳᠠᠭᠤᠤ ᠪᠥᠵᠢᠭ ᠤᠨ ᠲᠣᠭᠯᠠᠯᠲᠠ ᠡᠬᠢᠯᠡᠵᠦ᠂ ︽ᠬᠤᠶᠠᠷ ᠬᠤᠷᠠᠯ ᠤᠨ ᠵᠣᠷᠢᠭ ᠰᠠᠨᠠᠭ᠎ᠠ ᠭᠡᠷᠡᠯ ᠰᠠᠴᠤᠷᠠᠭᠰᠠᠨ ᠨᠢ︾᠂ ︽ᠪᠢᠳᠡ ᠶᠠᠭ ᠵᠠᠯᠠᠭᠤ  ᠨᠠᠰᠣᠨ ᠳᠠᠭᠠᠨ ᠪᠤᠢ︾᠂ ︽ ᠡᠷᠬᠡ ᠴᠢᠯᠦᠭᠡᠳᠦ ᠳᠤᠷᠠᠯᠠᠯ︾ ᠵᠡᠷᠭᠡ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ  ᠡᠯ᠎ᠠ ᠦᠨᠳᠦᠰᠦᠲᠡᠨ  ᠤ ᠠᠷᠠᠳ ᠲᠦᠮᠡᠨ ᠤ ᠪᠠᠭ᠋ᠠᠷᠬᠠᠯ ᠢ ᠲᠠᠲᠠᠵᠤ᠂ ᠡᠶᠡᠪᠡᠷᠭᠦᠦ ᠨᠡᠷᠡᠨ ᠤ ᠭᠡᠷᠡᠯ᠂ ᠬᠦᠷ ᠬᠥᠭᠵᠢᠶᠡᠨᠲᠦ ᠠᠭᠤᠷ ᠠᠮᠢᠰᠬᠤᠯ  ᠨᠢ ᠲᠤᠬᠠᠢ ᠶᠢᠨ ᠲᠠᠯᠠᠪᠠᠢ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠤᠷᠠᠨ ᠰᠠᠶᠢᠬᠠᠨ ᠤ ᠲᠣᠭᠯᠠᠯᠲᠠ ᠳᠤ  ᠰᠤᠬᠳᠤᠷᠠᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ︽ᠬᠢᠳᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ︾ ᠶᠢ ᠬᠠᠮᠲᠤ ᠪᠠᠷ ᠤᠩᠰᠢᠭᠰᠠᠨ ᠪᠥᠭᠡᠳ ᠬᠢᠳᠠᠨ ᠵᠡᠭᠡᠯᠢ ᠶᠢᠨ ᠨᠡᠶᠢᠭᠡᠮ ᠲᠣᠭᠤᠷᠢᠭ ᠠᠴᠠ ︽ᠬᠥᠷᠰᠢ ᠰᠠᠭᠠᠬᠠᠯᠲᠠ ᠪᠠᠷ ᠢᠶᠠᠨ ᠰᠢᠨ᠎ᠡ ᠠᠮᠢᠳᠤᠷᠠᠯ ᠢ ᠬᠠᠮᠲᠤ ᠪᠠᠷ ᠡᠳ᠋ᠯᠡᠶ᠎ᠡ︾ ᠭᠡᠬᠦ ᠰᠠᠨᠠᠭᠠᠴᠢᠯᠠᠭ᠎ᠠ ᠶᠢᠨ ᠪᠢᠴᠢᠭ ᠪᠠᠭᠤᠯᠭᠠᠵᠤ᠂ ᠳᠠᠷᠠᠭ᠎ᠠ ᠨᠢ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠵᠡᠷᠭᠡ  ᠠᠵᠢᠯᠯᠠᠭᠠᠨ ᠶᠢ ᠦᠷᠨᠢᠭᠦᠯᠵᠤ  ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ  ᠪᠠ ᠡᠯ᠎ᠡ  ᠵᠦᠢᠯ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ  ᠶᠢ ᠤᠯᠠᠮ ᠨᠢᠭᠡ ᠠᠯᠬᠤᠮ ᠨᠡᠮᠡᠭᠳᠡᠭᠦᠯᠪᠡ᠃       ᠲᠤᠬᠠᠶ ᠶᠢᠨ ᠲᠠᠯᠠᠪᠤᠷ ᠲᠤ ᠨᠠᠰᠤᠵᠢᠯ ᠤᠨ ᠠᠰᠠᠷᠠᠮᠵᠢ ᠣᠷᠣᠰᠢᠨ ᠲᠣᠭᠲᠠᠨᠢᠬᠤ ᠭᠡᠷᠡᠴᠢᠯᠡᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠠᠮᠢᠯᠠᠭᠤᠯᠬᠤ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂  ᠬᠡᠷ ᠤᠨ ᠵᠢᠵᠢᠭ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂  ᠢᠯᠡᠬᠦᠳᠡᠮᠡᠯ ᠰᠤᠯᠠ ᠡᠳ᠋ ᠪᠣᠳᠠᠰ ᠢ ᠰᠣᠯᠢᠬᠤ ᠵᠡᠷᠭᠡ ᠶᠢ ᠪᠠᠭᠲᠠᠭᠠᠭᠰᠠᠨ ᠠᠷᠠᠳ ᠲᠤ ᠲᠥᠬᠦᠮ ᠦᠵᠡᠭᠦᠯᠬᠦ ᠣᠯᠠᠨ  ᠦᠢᠯᠡᠴᠢᠯᠡᠭᠡᠨ ᠤ ᠴᠣᠩᠬᠤᠪᠴᠢ ᠭᠠᠷᠭᠠᠪᠠ᠃      ᠲᠣᠰ ᠤᠳᠠᠭᠠᠨ ᠤ ᠬᠥᠷᠰᠢ ᠵᠡᠷᠭᠡᠯᠡᠳᠡᠭᠡ ᠨᠡᠶᠢᠭᠡᠮ ᠳᠤᠭᠤᠷᠢᠭ ᠤᠨ ᠪᠠᠶᠠᠷ ᠤᠨ ᠡᠳᠦᠷ ᠤᠨ ᠠᠵᠢᠯᠯᠠᠭᠠᠨ ᠨᠢ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠪᠣᠳᠠᠲᠠᠶ ᠲᠠᠢ ᠪᠠᠨ  ᠤᠶᠠᠯᠳᠣᠭᠤᠯᠬᠤ ᠪᠠ ᠨᠡᠶᠢᠭᠡᠮ ᠲᠣᠭᠤᠷᠢᠭ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ᠂ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠵᠤ᠂ ᠬᠠᠯᠠᠭᠤᠨ ᠳᠤᠯᠠᠭᠠᠨ  ᠦᠢᠯᠡᠴᠢᠯᠡᠭᠡ ᠪᠠ ᠲᠥᠬᠦᠮ ᠦᠢᠯᠡᠴᠢᠯᠡᠭᠡ ᠦᠵᠡᠭᠦᠯᠬᠦ ᠶᠢᠨ ᠬᠠᠮᠲᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ  ᠠᠬᠢᠭᠤᠯᠵᠤ ᠴᠢᠳᠠᠬᠰᠠᠨ ᠪᠠᠶᠢᠨ᠎ᠠ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号