︽5 · 1︾ ᠤ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠢᠶᠠᠷ ᠵᠤᠭᠠᠴᠠᠭᠰᠠᠳ ᠮᠢᠩᠭᠠᠨ ᠲᠦᠮᠡᠨ ᠬᠥᠮᠥᠨ ᠤᠳᠠᠭ᠎ᠠ ᠶᠢ ᠳᠠᠪᠠᠵᠤ ᠪᠥᠬᠦ ᠣᠷᠣᠨ ᠤ A ᠲᠠᠰ ᠤᠨ 304 ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠯᠭ᠎ᠠ 24.06 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2023/5/6
    ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ︽ᠲᠠᠯ᠎ᠠ ᠨᠤᠲᠤᠭ ᠲᠤ ᠪᠣᠯᠵᠣᠵᠤ᠂ ᠬᠠᠪᠤᠷ ᠢ ᠤᠭᠲᠤᠬᠤ︾ ᠪᠠᠷ ᠭᠤᠣᠯ ᠰᠡᠳᠦᠪ ᠪᠣᠯᠭᠠᠵᠤ᠂ ᠠᠮᠠᠷᠠᠯᠲᠠ ᠶᠢᠨ ᠡᠳᠦᠷ ᠤᠨ 300 ᠭᠠᠷᠤᠢ ᠵᠦᠢᠯ ᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠥᠷᠨᠢᠭᠦᠯᠵᠦ᠂ ᠠᠮᠠᠷᠠᠯᠲᠠ ᠶᠢᠨ ᠡᠳᠦᠷ ᠤᠨ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠮᠠᠷᠠᠯᠲᠠ ᠶᠢᠨ ᠡᠳᠦᠷ ᠤᠨ ᠠᠵᠤ ᠠᠬᠤᠢ ᠶᠢ ᠪᠦᠬᠦ ᠲᠠᠯ᠎ᠠ ᠪᠠᠷ ᠬᠥᠭᠵᠢᠭᠡᠵᠦ᠂ ᠰᠣᠶᠣᠯ ᠵᠤᠭᠠᠴᠠᠯ ᠤᠨ ᠬᠡᠷᠡᠭᠯᠡᠭᠡ ᠶᠢᠨ ᠲᠠᠯ᠎ᠠ ᠪᠠᠷ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠬᠦ ᠶᠢ ᠠᠬᠢᠭᠤᠯᠪᠠ᠃      5 ᠳ᠋ᠤᠭᠠᠷ ᠰᠠᠷ᠎ᠠ ᠶᠢᠨ 3 ᠤ ᠡᠳᠦᠷ ᠤᠨ ᠣᠷᠣᠢ ᠶᠢᠨ 8 ᠴᠠᠭ ᠪᠣᠯᠲᠠᠯ᠎ᠠ᠂ ᠪᠥᠬᠦ ᠣᠷᠣᠨ ᠤ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠨᠡᠶᠢᠲᠡ 1000 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠨᠡᠮᠡᠭᠳᠡᠵᠡᠢ︔ ᠪᠥᠬᠦ ᠣᠷᠣᠨ ᠤ A ᠲᠠᠰ ᠤᠨ 304 ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠵᠤᠭᠠᠴᠠᠭᠰᠠᠳ ᠢ ᠨᠡᠶᠢᠲᠡ 481.24 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠣᠷᠣᠯᠭ᠎ᠠ ᠨᠢ 24.06 ᠳ᠋ᠦᠩᠰᠢᠭᠤᠷ ᠲᠥᠭᠦᠷᠢᠭ ᠲᠤ ᠬᠦᠷᠴᠦ᠂ ᠴᠥᠮ ᠠᠳᠠᠯᠢ ᠬᠤᠭᠤᠴᠠᠭᠠᠨ ᠤ ᠬᠢ ᠠᠴᠠ 600% ᠪᠠᠷ ᠳᠠᠪᠠᠪᠠ︔ 300 ᠭᠠᠷᠤᠢ ᠣᠳᠣᠨ ᠲᠠᠰ ᠤᠨ ᠵᠣᠴᠢᠳ ᠤᠨ ᠪᠠᠭᠤᠳᠠᠯ᠂ ᠵᠡᠷᠭᠡᠯᠡᠯ ᠳᠡᠰ ᠤᠨ ᠠᠶᠢᠯ ᠭᠡᠷ ᠤᠨ ᠪᠠᠭᠤᠳᠠᠯ ᠤᠨ ᠣᠷᠣᠯᠭ᠎ᠠ ᠨᠢ 1 ᠳᠠᠬᠢᠨ ᠰᠢᠬᠠᠮ ᠨᠡᠮᠡᠭᠳᠡᠵᠦ᠂ ︽5 · 1︾ ᠤ ᠠᠮᠠᠷᠠᠯᠲᠠ ᠶᠢᠨ ᠡᠳᠦᠷ ᠤᠨ ᠰᠣᠶᠣᠯ ᠵᠢᠭᠤᠯᠴᠢᠯᠠᠯ ᠤᠨ ᠦᠢᠯᠡᠰ ᠤᠨ ᠪᠥᠬᠦ ᠲᠠᠯ᠎ᠠ ᠪᠠᠷ ᠰᠡᠷᠭᠦᠨ ᠬᠥᠭᠵᠢᠬᠦ ᠶᠢ ᠪᠡᠶᠡᠯᠡᠭᠦᠯᠪᠡ᠃ ᠡᠨᠡ ᠵᠢᠯ ᠮᠠᠨ ᠤ ᠣᠷᠣᠨ ᠤ ︽5 · 1︾ ᠤ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠨᠢ ᠭᠤᠷᠪᠠᠨ ᠶᠡᠭᠡ ᠣᠨᠴᠠᠯᠢᠭ ᠢ ᠪᠦᠷᠢᠳᠦᠭᠦᠯᠪᠡ᠄ ᠨᠢᠭᠡ ᠳᠤ ᠭᠤᠣᠯ ᠰᠡᠳᠦᠪᠲᠦ ᠠᠵᠢᠯᠯᠠᠭ᠎ᠠ ᠶᠢᠨ ᠠᠭᠤᠷ ᠠᠮᠢᠰᠬᠤᠯ ᠥᠨᠢᠷ ᠥᠳᠬᠡᠨ᠃ 4 ᠳ᠋ᠦ᠋ᠭᠡᠷ ᠰᠠᠷ᠎ᠠ ᠶᠢᠨ 29 ᠤ ᠡᠳᠦᠷ ᠬᠥᠰᠢᠭᠡ ᠪᠠᠨ ᠰᠡᠬᠦᠭᠰᠡᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠰᠢᠷᠢᠰ ᠠᠵᠢᠯᠯᠠᠭ᠎ᠠ ᠨᠢ ᠬᠡᠭᠡᠷ᠎ᠡ ᠶᠢᠨ ᠠᠶᠠᠯᠠᠯ ᠳᠤ ᠳᠤᠷ᠎ᠠ ᠪᠠᠭ᠋ᠠᠲᠠᠢ ᠬᠥᠮᠥᠰ ᠪᠣᠯᠣᠨ ᠥᠷᠭᠡᠨ ᠤᠯᠠᠨ ᠵᠤᠭᠠᠴᠠᠭᠰᠠᠳ ᠲᠤ ᠲᠦᠢᠯ ᠤᠨ ᠶᠡᠭᠡ ᠪᠠᠭ᠋ᠠᠷᠬᠠᠯ ᠲᠥᠷᠥᠭᠳᠡᠯ᠂ ᠶᠡᠷᠦ ᠪᠤᠰᠤ ᠶᠢᠨ ᠷᠣᠮᠠᠨᠲ᠋ᠢᠭ ᠮᠡᠳᠡᠷᠡᠮᠵᠢ ᠶᠢ ᠠᠪᠴᠢᠷᠠᠵᠤ ᠥᠭᠴᠡᠢ︔ 5 ᠳ᠋ᠤᠭᠠᠷ ᠰᠠᠷ᠎ᠠ ᠶᠢᠨ 1 ᠤ ᠡᠳᠦᠷ᠂ 2023 ᠣᠨ ᠤ ᠳᠤᠮᠳᠠᠳᠤ ᠤᠯᠤᠰ ᠤᠨ ᠮᠣᠲ᠋ᠣᠷ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ︵ᠬᠦᠷᠢᠶ᠎ᠡ ᠥᠷᠲᠡᠭᠡ︶ ᠳᠤ ᠪᠥᠬᠦ ᠤᠯᠤᠰ ᠤᠨ ᠲᠦᠮᠡ ᠰᠢᠬᠠᠮ ᠵᠤᠭᠠᠴᠠᠭᠰᠠᠳ ᠮᠥᠩᠭᠦᠨ ᠲᠣᠬᠤᠢ ᠳᠤ ᠬᠤᠷᠠᠨ ᠴᠤᠭᠯᠠᠷᠠᠵᠤ᠂ ᠡᠯᠡᠰᠦᠨ ᠲᠡᠯᠡᠶ ᠳᠤ ᠳᠠᠪᠬᠢᠭᠤᠯᠤᠨ᠂ ᠪᠠᠶᠠᠷ ᠪᠠᠶᠠᠰᠤᠯ ᠢᠶᠠᠷ ᠳᠦᠭᠦᠷᠡᠩ ᠪᠠᠶᠢᠪᠠ︔ ᠬᠥᠯᠥᠨ ᠪᠤᠶᠢᠷ ᠬᠤᠲᠠ ︽ᠴᠡᠴᠡᠭ ᠰᠣᠨᠢᠷᠬᠠᠬᠤ ᠠᠵᠤ ᠠᠬᠤᠢ︾ ᠶᠢ ᠪᠣᠶ ᠪᠣᠯᠭᠠᠵᠤ᠂ ᠴᠡᠴᠡᠭ ᠰᠣᠨᠢᠷᠬᠠᠬᠤ 42.55 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠡᠷᠬᠢᠨ ᠲᠣᠭᠤᠷᠢᠨ ᠤ ᠠᠵᠤ ᠠᠬᠤᠢ ᠶᠢ 2.6 ᠳ᠋ᠦᠩᠰᠢᠭᠤᠷ ᠲᠥᠭᠦᠷᠢᠭ ᠳᠠᠶᠢᠴᠢᠯᠠᠨ᠂ ᠠᠳᠠᠯᠢ ᠬᠤᠭᠤᠴᠠᠭᠠᠨ ᠤ ᠬᠢ ᠠᠴᠠ 62% ᠪᠠ 51% ᠪᠠᠷ ᠨᠡᠮᠡᠭᠳᠡᠪᠡ︔ ᠪᠤᠭᠤᠲᠤ ᠬᠤᠳᠠ ᠶᠢᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠶᠠᠩᠭᠠᠷ ᠪᠥᠵᠢᠭ ᠤᠨ ᠤᠷᠤᠯᠳᠤᠭᠠᠨ ᠳᠤ 13 ᠲᠦᠮᠡ ᠭᠠᠷᠤᠢ ᠬᠥᠮᠥᠨ ᠣᠷᠣᠯᠴᠠᠵᠠᠢ᠃ ᠡᠨᠡ ᠵᠢᠯ ᠤᠨ ᠮᠠᠨ ᠤ ᠣᠷᠣᠨ ᠤ ︽5 · 1︾ ᠤ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠪᠠᠰᠠ ᠨᠢᠭᠡᠨ ᠶᠡᠭᠡ ᠣᠨᠴᠠᠯᠢᠭ ᠭᠡᠪᠡᠯ ᠰᠢᠨ᠎ᠡ ᠠᠬᠤᠢ ᠦᠵᠡᠮᠵᠢ ᠠᠩᠬᠠᠷᠤᠯ ᠤᠨ ᠴᠡᠭ ᠤᠯᠠᠨ᠃ ᠠᠮᠠᠷᠠᠯᠲᠠ ᠶᠢᠨ ᠬᠤᠭᠤᠴᠠᠭᠠᠨ ᠳᠤ ᠡᠯ᠎ᠡ ᠠᠶᠢᠮᠠᠭ ᠬᠤᠳᠠ ᠶᠢᠨ ᠬᠢᠨ ᠰᠣᠶᠣᠯ ᠤᠨ ᠠᠭᠤᠯᠬᠤᠨ ᠢᠶᠠᠷ ᠪᠠᠶᠠᠯᠢᠭ᠂ ᠤᠷᠠᠯᠢᠭ ᠤᠨ ᠬᠢᠷᠢ ᠲᠦᠪᠰᠢᠨ ᠢᠶᠠᠷ ᠥᠨᠳᠥᠷ ᠨᠢᠭᠡ ᠪᠦᠯᠦᠭ ᠤᠷᠠᠨ ᠰᠠᠶᠢᠬᠠᠨ ᠤ ᠲᠣᠭᠯᠠᠯᠲᠠ ᠵᠦᠴᠦᠭᠡ ᠶᠢᠨ ᠪᠦᠲᠦᠭᠡᠯ ᠢ ᠪᠣᠢ ᠪᠣᠯᠭᠠᠵᠤ᠂ ᠪᠦᠬᠦ ᠣᠷᠣᠨ ᠤ ᠡᠯ᠎ᠡ ᠱᠠᠲᠤᠨ ᠤ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠰᠣᠶᠣᠯ ᠤᠨ ᠲᠠᠯᠠᠪᠤᠷ ᠣᠷᠳᠣᠨ ᠠᠴᠠ ᠲᠠᠯᠠᠪᠠᠢ ᠶᠢᠨ ᠪᠥᠵᠢᠭ᠂ ᠳᠠᠭᠤᠤ᠂ ︽ᠭᠠᠴᠠᠭ᠎ᠠ ᠲᠣᠰᠬᠤᠨ ᠤ ᠦᠳᠡᠰᠢᠯᠡᠭᠡ︾ ᠵᠡᠷᠭᠡ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 622 ᠤᠳᠠᠭ᠎ᠠ ᠥᠷᠨᠢᠭᠦᠯᠵᠦ᠂ 271 ᠲᠦᠮᠡ ᠭᠠᠷᠤᠢ ᠬᠥᠮᠥᠨ ᠤᠳᠠᠭ᠎ᠠ ᠣᠷᠣᠯᠴᠠᠵᠠᠢ︔ ᠬᠥᠬᠡᠬᠤᠲᠠ ᠶᠢᠨ ᠬᠢᠨ ᠵᠡᠭᠦᠨ ᠤᠰᠤᠲᠤ ᠶᠢᠨ 20 ᠭᠠᠷᠤᠢ ᠲᠦᠮᠡᠨ ᠰᠠᠭᠤᠷᠢ ᠬᠦᠢᠯᠡᠰᠦᠨ ᠤᠢ ᠶᠢᠨ ᠦᠵᠡᠮᠵᠢ ᠶᠢ ᠪᠣᠢ ᠪᠣᠯᠭᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠳᠤ ᠥᠩᠭᠡ ᠶᠢᠨ ᠴᠡᠴᠡᠭ ᠵᠤᠭᠠᠴᠠᠭᠰᠠᠳ ᠤᠨ ᠬᠠᠷᠠᠭ᠎ᠠ ᠶᠢ ᠪᠠᠶᠠᠰᠬᠠᠵᠤ ᠪᠠᠶᠢᠯ᠎ᠠ᠃ ᠠᠮᠠᠷᠠᠯᠲᠠ ᠶᠢᠨ ᠬᠤᠭᠤᠴᠠᠭᠠᠨ ᠳᠤ ᠪᠠᠰᠠ ᠤᠯᠠᠮᠵᠢᠯᠠᠯᠲᠤ ᠵᠡᠪᠰᠡᠭ ᠤᠨ ᠡᠷᠳᠡᠮ᠂ ᠡᠷᠲᠡᠨ ᠤ ᠠᠶᠠᠯᠭᠤᠲᠤ ᠬᠤᠪᠴᠠᠰᠤ ᠵᠠᠰᠠᠯ ᠤᠨ ᠲᠣᠭᠯᠠᠯᠲᠠ᠂ ᠰᠢᠯᠦᠭ ᠵᠢᠷᠤᠭ ᠤᠨ ᠰᠣᠯᠢᠯᠴᠠᠭ᠎ᠠ ᠵᠡᠷᠭᠡ ᠶᠢ ᠠᠭᠤᠰᠤᠯᠴᠠᠭᠤᠯᠵᠤ᠂ ᠵᠤᠭᠠᠴᠠᠭᠰᠠᠳ ᠲᠤ ᠰᠣᠶᠣᠯ ᠤᠨ ᠦᠪᠡᠳᠡᠭᠰᠢ ᠨᠠᠶᠢᠷ ᠢ ᠰᠣᠨᠢᠷᠬᠠᠭᠤᠯᠪᠠ︔ ᠣᠷᠳᠣᠰ ᠬᠤᠳᠠ ᠶᠢᠨ ᠬᠢᠨ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠤᠰᠤᠨ ᠳᠡᠭᠡᠷᠡᠬᠢ ᠬᠤᠸᠠᠷ ᠫᠤᠤᠵᠢᠩ ᠤᠨ ᠦᠵᠡᠭᠦᠯᠭᠡ ᠶᠢ ᠡᠷᠬᠢᠯᠡᠵᠦ᠂ ᠲᠦᠭ ᠲᠦᠮᠡᠨ ᠵᠤᠭᠠᠴᠠᠭᠰᠠᠳ ᠤᠨ ᠰᠣᠨᠢᠷᠬᠠᠯ ᠢ ᠲᠠᠲᠠᠪᠠ︔ ᠪᠦᠬᠦ ᠣᠷᠣᠨ ᠤ ᠪᠤᠰᠤᠳ ᠡᠯ᠎ᠡ ᠭᠠᠵᠠᠷ ᠤᠨ ᠥᠷᠨᠢᠭᠦᠯᠦᠭᠰᠡᠨ ᠥᠪᠡᠷᠮᠢᠴᠡ ᠣᠨᠴᠠᠯᠢᠭ ᠪᠦᠬᠦᠢ ᠲᠣᠭᠯᠠᠯᠲᠠ ᠤᠷᠠᠯᠢᠭ᠂ ᠮᠠᠶᠢᠬᠠᠨ ᠢᠶᠠᠷ ᠬᠡᠭᠡᠷ᠎ᠡ ᠪᠠᠭᠤᠳᠠᠯᠯᠠᠬᠤ᠂ ︽ᠵᠢᠯᠣᠭᠤᠴᠢ ᠦᠭᠡᠢ ᠨᠢᠰᠬᠡᠯ ᠤᠨ ᠲᠣᠭᠯᠠᠯᠲᠠ︾᠂ ︽ᠰᠣᠨᠢᠨ ᠬᠠᠴᠢᠷᠬᠠᠯᠲᠠᠢ ᠲᠣᠭᠤᠷᠢᠨ ᠵᠤᠭᠠᠴᠠᠯ︾ ᠵᠡᠷᠭᠡ ᠵᠠᠯᠠᠭᠤ ᠦᠶ᠎ᠡ ᠶᠢᠨ ᠬᠢᠨ ᠤ ᠵᠤᠭᠠᠴᠠᠯ ᠤᠨ ᠰᠢᠨ᠎ᠡ ᠠᠷᠭ᠎ᠠ ᠪᠠᠷᠢᠯ ᠨᠢ ᠵᠤᠭᠠᠴᠠᠭᠰᠠᠳ ᠤᠨ ᠪᠠᠭ᠋ᠠᠷᠬᠠᠯ ᠢ ᠶᠡᠬᠡᠳᠡ ᠲᠠᠲᠠᠵᠠᠢ᠃ ᠭᠤᠷᠪᠠᠳᠤᠭᠠᠷ ᠶᠡᠭᠡ ᠣᠨᠴᠠᠯᠢᠭ ᠭᠡᠪᠡᠯ ᠠᠮᠠᠷᠠᠯᠲᠠ ᠶᠢᠨ ᠡᠳᠦᠷ ᠤᠨ ᠬᠡᠷᠡᠭᠯᠡᠭᠡ ᠨᠢ ᠥᠷᠨᠢᠭᠦᠨ ᠬᠥᠭᠵᠢᠯᠲᠡᠢ᠃ ᠪᠦᠬᠦ ᠣᠷᠣᠨ ᠤ ᠮᠠᠰᠢ ᠤᠯᠠᠨ ᠦᠵᠡᠮᠵᠢ ᠶᠢᠨ ᠣᠷᠣᠨ ᠨᠢ ︽ᠳᠦᠭᠦᠷᠦᠭᠰᠡᠨ︾ ᠠᠴᠠ ᠪᠣᠯᠵᠤ ᠵᠤᠭᠠᠴᠠᠭᠰᠠᠳ ᠢ ᠬᠢᠵᠠᠭᠠᠷᠯᠠᠬᠤ᠂ ᠴᠠᠭ ᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠠᠢ᠃ ᠡᠭᠦᠨ ᠳᠤ ᠬᠥᠬᠡᠬᠤᠲᠠ ᠶᠢᠨ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠠᠯᠭᠠᠰᠤᠨ ᠳᠤ ᠵᠤᠭᠠᠴᠠᠭᠰᠠᠳ ᠠᠮᠠᠷᠠᠯᠲᠠ ᠶᠢᠨ ᠬᠤᠭᠤᠴᠠᠭᠠᠨ ᠤ ᠠᠩᠬᠠᠨ ᠤ ᠡᠳᠦᠷ ᠲᠤ ᠳᠠᠷᠤᠢ 2 ᠲᠦᠮᠡᠨ ᠬᠥᠮᠥᠨ ᠤᠳᠠᠭ᠎ᠠ ᠶᠢ ᠳᠠᠪᠠᠵᠠᠢ︔ ᠣᠷᠳᠣᠰ ᠤᠨ ᠪᠣᠶ ᠪᠦᠬᠦᠢ ᠦᠵᠡᠮᠵᠢ ᠶᠢᠨ ᠣᠷᠣᠨ  ᠨᠢ ᠵᠤᠭᠠᠴᠠᠭᠰᠠᠳ ᠢ ᠭᠥᠯᠢᠶᠡᠨ ᠠᠪᠬᠤ ᠳᠡᠭᠡᠳᠦ ᠬᠢᠵᠠᠭᠠᠷ ᠲᠤ ᠬᠦᠷᠴᠦ᠂ ᠸᠠᠨ ᠵᠢᠶᠠ ᠬᠤᠶ ᠪᠠᠶᠠᠰᠬᠤᠯᠠᠩᠲᠤ ᠬᠤᠷᠸ᠎ᠠ᠂ ᠣᠷᠳᠣᠰ ᠤᠨ ᠲᠠᠯ᠎ᠠ ᠨᠤᠲᠤᠭ ᠵᠡᠷᠭᠡ ᠦᠵᠡᠮᠵᠢ ᠶᠢᠨ ᠣᠷᠣᠨ ᠤ ᠡᠬᠢᠨ ᠤ ᠭᠤᠷᠪᠠᠨ ᠡᠳᠦᠷ ᠤᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 1384% ᠪᠠ 945% ᠪᠠᠷ ᠨᠡᠮᠡᠭᠳᠡᠵᠦ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠨᠢᠭᠡ ᠡᠳᠦᠷ ᠤᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 11 ᠲᠦᠮᠡᠨ ᠬᠥᠮᠥᠨ ᠤᠳᠠᠭ᠎ᠠ ᠶᠢ ᠳᠠᠪᠠᠪᠠ︔ ᠤᠯᠠᠭᠠᠨᠬᠠᠳᠠ ᠬᠤᠳᠠ ᠶᠢᠨ ᠬᠠᠰ ᠯᠤᠤ ᠡᠯᠡᠰᠦᠨ ᠨᠠᠭᠤᠷ ᠦᠵᠡᠮᠵᠢ ᠶᠢᠨ ᠣᠷᠣᠨ᠂ ᠪᠠᠶᠠᠨᠨᠠᠭᠤᠷ ᠬᠤᠳᠠ ᠶᠢᠨ ᠤᠯᠠᠭᠠᠨᠰᠤᠬᠠᠢ ᠵᠡᠷᠭᠡ ᠵᠤᠭᠠᠴᠠᠯ ᠤᠨ ᠦᠵᠡᠮᠵᠢ ᠶᠢᠨ ᠣᠷᠣᠨ ᠨᠢ ᠡᠳᠦᠷ ᠪᠦᠷᠢ ᠲᠦᠮᠡ ᠭᠠᠷᠤᠢ ᠵᠤᠭᠠᠴᠠᠭᠰᠠᠳ ᠢ ᠬᠦᠯᠢᠶᠡᠨ ᠠᠪᠴᠠᠢ︔ ᠣᠷᠳᠣᠰ ᠬᠤᠲᠠ᠂ ᠦᠬᠠᠢ ᠬᠤᠲᠠ᠂ ᠤᠯᠠᠭᠠᠨᠴᠠᠪ ᠬᠤᠲᠠ ᠵᠢᠴᠢ ᠠᠯᠠᠱᠠ ᠠᠶᠢᠮᠠᠭ ᠵᠡᠷᠭᠡ ᠭᠠᠵᠠᠷ ᠤᠨ ᠣᠳᠣᠨ ᠲᠠᠰ ᠤᠨ ᠵᠣᠴᠢᠳ ᠤᠨ ᠪᠠᠭᠤᠳᠠᠯ᠂ ᠵᠡᠷᠭᠡᠯᠡᠯ ᠳᠡᠰ ᠤᠨ ᠠᠶᠢᠯ ᠭᠡᠷ ᠤᠨ ᠪᠠᠭᠤᠳᠠᠯ ᠳᠤ ᠪᠠᠭᠤᠳᠠᠯᠯᠠᠭᠰᠠᠨ ᠨᠣᠷᠮ᠎ᠠ ᠨᠢ ᠴᠥᠮ 100% ᠳᠤ ᠬᠦᠷᠴᠦ᠂ ᠦᠷᠦᠭᠡ ᠬᠦᠷᠦᠯᠴᠡᠬᠦ ᠦᠭᠡᠢ ᠪᠠᠶᠢᠳᠠᠯ ᠢᠯᠡᠷᠡᠪᠡ︔ ᠮᠠᠨᠵᠤᠤᠷ᠂ ᠡᠷᠢᠶᠡᠨ ᠬᠤᠳᠠ ᠶᠢᠨ ᠬᠢᠯᠢ ᠶᠢᠨ ᠪᠣᠭᠤᠮᠲᠠ ᠴᠦ ︽5 · 1︾ ᠤ ᠠᠮᠠᠷᠠᠯᠲᠠ ᠶᠢᠨ ᠬᠤᠭᠤᠴᠠᠭᠠᠨ ᠳᠤ ᠡᠳᠦᠷ ᠳᠤᠮᠳᠠᠴᠢ ᠪᠠᠷ ᠲᠦᠮᠡᠨ ᠬᠥᠮᠥᠨ ᠢ ᠬᠦᠯᠢᠶᠡᠨ ᠠᠪᠴᠤ ᠵᠣᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号