ᠴᠠᠭ ᠬᠤᠭᠤᠴᠠᠭ᠎ᠠ᠂ ᠭᠠᠵᠠᠷ ᠣᠷᠣᠨ ᠤ ᠬᠢᠵᠠᠭᠠᠷᠯᠠᠯ ᠢ ᠬᠦᠯᠢᠶᠡᠬᠦ ᠦᠭᠡᠢ ᠪᠠᠷ ᠭᠠᠷ ᠤᠲᠠᠰᠤ ᠪᠠᠷ | ᠳᠠᠮᠵᠢᠭᠤᠯᠤᠨ ᠮᠣᠳᠣ ᠳᠠᠷᠢᠬᠤ ᠡᠭᠦᠷᠭᠡ ᠪᠠᠨ ᠭᠦᠢᠴᠡᠳᠬᠡᠬᠦ ᠪᠣᠯᠬᠤ ᠪᠣᠯᠪᠠ᠃ ᠥᠪᠥᠷ ᠮᠣᠩᠭᠤᠯ ᠳᠤ ︽ᠢᠨᠲ᠋ᠧᠷ | ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠨᠢ ᠠᠭᠠᠵᠢᠮ ᠢᠶᠠᠷ ᠨᠢᠭᠡ | ᠵᠦᠢᠯ ᠤᠨ ᠬᠡᠪ ᠰᠤᠷᠲᠠᠯ ᠪᠣᠯᠣᠨ ᠪᠦᠷᠢᠯᠳᠦᠵᠦ ᠪᠠᠶᠢᠨ᠎ᠠ᠃ | ᠰᠤᠷᠪᠤᠯᠵᠢᠯᠠᠭᠴᠢ 5 ᠳ᠋ᠤᠭᠠᠷ ᠰᠠᠷ᠎ᠠ ᠶᠢᠨ 2 ᠤᠨ ᠡᠳᠦᠷ ᠪᠥᠬᠦ ᠠᠷᠠᠳ ᠤᠨ ᠠᠯᠪᠠᠨ ᠵᠢᠷᠤᠮ ᠤᠨ ᠮᠣᠳᠣ | ᠳᠠᠷᠢᠬᠤ ᠰᠦᠯᠵᠢᠶᠡᠨ ᠳᠡᠭᠡᠷ᠎ᠡ ᠠᠴᠠ ᠣᠯᠵᠤ ᠦᠵᠡᠭᠰᠡᠨ ᠨᠢ᠂ ᠥᠪᠥᠷ ᠮᠣᠩᠭᠤᠯ ᠣᠷᠣᠨ ᠳᠤ ᠶᠠᠭ ᠶᠠᠪᠤᠭᠳᠠᠵᠤ | ᠪᠠᠶᠢᠭ᠎ᠠ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢᠨ | ᠲᠥᠷᠥᠯ ᠵᠦᠢᠯ ᠨᠡᠶᠢᠲᠡ 14 ᠪᠣᠶ᠂ ᠡᠭᠦᠨ ᠳᠤ ᠬᠥᠳᠡᠯᠮᠦᠷᠢ ᠪᠠᠷ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦᠯ | ᠵᠦᠢᠯ 8᠂ ᠪᠡᠯᠡ ᠮᠥᠩᠭᠦ ᠬᠠᠨᠳᠢᠪᠯᠡᠵᠤ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦᠯ ᠵᠦᠢᠯ 6 ᠪᠣᠶ᠃ ᠪᠡᠯᠡ | ᠮᠥᠩᠭᠦ ᠬᠠᠨᠳᠢᠪᠯᠡᠵᠤ ᠬᠠᠷᠢᠭᠤᠴᠠᠯᠭ᠎ᠠ ᠪᠠᠨ ᠭᠦᠢᠴᠡᠳᠬᠡᠭᠰᠡᠨ 6 ᠲᠦᠷᠦᠯ ᠵᠦᠢᠯ ᠤᠨ ᠪᠡᠯᠡ ᠮᠥᠩᠭᠦ ᠬᠠᠨᠳᠢᠪᠯᠡᠭ᠌ᠰᠠᠨ | ᠶᠡᠷᠦᠩᠬᠡᠢ ᠲᠤᠭ᠎ᠠ ᠨᠢ 327 ᠲᠦᠮᠡ ᠭᠠᠷᠤᠢ ᠲᠥᠭᠦᠷᠢᠭ ᠲᠤ ᠬᠦᠷᠴᠦ᠂ ᠣᠷᠣᠯᠴᠠᠭᠰᠠᠨ ᠶᠡᠷᠦᠩᠬᠡᠢ ᠬᠥᠮᠥᠨ ᠤ | ᠲᠤᠭ᠎ᠠ 5 ᠲᠦᠮᠡ ᠰᠢᠬᠠᠮ ᠬᠦᠷᠪᠡ᠃ ᠣᠶᠢᠯᠠᠭᠠᠭᠰᠠᠨ ᠢᠶᠠᠷ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠬᠤ ᠠᠷᠭ᠎ᠠ ᠬᠡᠯᠪᠡᠷᠢ ᠶᠢ ᠥᠷᠭᠡᠳᠬᠡᠬᠦ ᠶᠢᠨ ᠲᠤᠰᠠᠳᠠ᠂ 2017 ᠣᠨ ᠳᠤ ᠤᠯᠤᠰ ᠠᠴᠠ ︽ᠢᠨᠲ᠋ᠧᠷ | ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠡᠬᠢᠯᠡᠭᠦᠯᠪᠡ᠃ ᠪᠥᠬᠦ | ᠤᠯᠤᠰ ᠤᠨ ᠲᠦᠷᠦᠭᠦᠤ ᠪᠦᠯᠦᠭ ᠲᠤᠷᠰᠢᠯᠲᠠ ᠶᠢᠨ ᠮᠤᠵᠢ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ | ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ︾ ᠢ ᠢᠳᠡᠪᠬᠢᠲᠡᠢ | ᠪᠥᠭᠡᠳ ᠯᠠᠪᠳᠠᠭᠤᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ | ᠳᠡᠭᠡᠷ᠎ᠡ ᠮᠣᠳᠣ ᠳᠠᠷᠢᠬᠤ ᠡᠭᠦᠷᠭᠡ ᠶᠢ ᠭᠦᠢᠴᠡᠳᠬᠡᠭᠦᠯᠪᠡ᠃ ᠥᠷᠭᠡᠨ ᠣᠯᠠᠨ ᠲᠦᠮᠡᠨ ︽ᠪᠥᠬᠦ ᠠᠷᠠᠳ ᠤᠨ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢᠨ ᠨᠡᠶᠢᠲᠡ ᠶᠢᠨ ᠲᠠᠪᠴᠠᠩ ᠳᠤ ᠨᠡᠪᠲᠡᠷᠡᠬᠦ ᠪᠠᠷ ᠳᠠᠮᠵᠢᠨ᠂ | ᠬᠥᠳᠡᠯᠮᠦᠷᠢ ᠪᠠᠷ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠰᠣᠩᠭᠤᠵᠤ᠂ ᠬᠤᠪᠢ ᠬᠥᠮᠥᠨ ᠤ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠬᠢᠷᠠᠮᠵᠢᠲᠠᠢ ᠴᠠᠭ ᠪᠠ ᠭᠠᠵᠠᠷ ᠢ ᠰᠣᠩᠭᠤᠵᠤ᠂ ᠠᠯᠪᠠᠨ ᠵᠢᠷᠤᠮ ᠤᠨ ᠮᠣᠳᠣ | ᠳᠠᠷᠢᠬᠤ᠂ ᠠᠷᠠᠴᠢᠯᠠᠨ ᠪᠤᠶᠢᠵᠢᠭᠤᠯᠬᠤ᠂ ᠬᠠᠮᠢᠶᠠᠷᠴᠤ ᠬᠠᠮᠠᠭᠠᠯᠠᠬᠤ ᠠᠵᠢᠯᠯᠠᠭ᠎ᠠ ᠶᠢ ᠰᠦᠯᠵᠢᠶᠡᠨ ᠳᠡᠭᠡᠷ᠎ᠡ | ᠤᠷᠢᠳᠴᠢᠯᠠᠨ ᠪᠣᠯᠵᠣᠵᠤ ᠪᠣᠯᠣᠨ᠎ᠠ᠃ ᠪᠠᠰᠠ ᠪᠡᠯᠡ ᠮᠥᠩᠭᠦ ᠬᠠᠨᠳᠢᠪᠯᠡᠵᠤ ᠬᠠᠷᠢᠭᠤᠴᠠᠯᠭ᠎ᠠ ᠪᠠᠨ ᠭᠦᠢᠴᠡᠳᠬᠡᠬᠦ | ᠬᠡᠯᠪᠡᠷᠢ ᠶᠢ ᠰᠣᠩᠭᠤᠨ᠂ ᠣᠨᠴᠠ ᠲᠣᠭᠲᠠᠭᠰᠠᠨ ᠮᠣᠳᠣ ᠲᠠᠷᠢᠬᠤ ᠲᠦᠷᠦᠯ ᠵᠦᠢᠯ ᠳᠤ ᠰᠦᠯᠵᠢᠶᠡᠨ ᠳᠡᠭᠡᠷ᠎ᠡ ᠮᠥᠩᠭᠦ | ᠬᠠᠨᠳᠢᠪᠯᠡᠬᠤ ᠪᠠᠷ ᠳᠠᠮᠵᠢᠭᠤᠯᠤᠨ ᠬᠠᠷᠢᠭᠤᠴᠠᠯᠭ᠎ᠠ ᠪᠠᠨ ᠭᠦᠢᠴᠡᠳᠬᠡᠵᠦ ᠪᠣᠯᠣᠨ᠎ᠠ᠃ ᠡᠭᠦᠨ ᠤ ᠬᠠᠮᠲᠤ᠂ ᠮᠠᠨ ᠤ | ᠣᠷᠣᠨ ︽ᠢᠨᠲ᠋ᠧᠷ ᠰᠦᠯᠵᠢᠶ᠎ᠡ + ᠲᠠᠪᠴᠠᠩ︾ ᠪᠠᠶᠢᠭᠤᠯᠬᠤ ᠶᠢ ᠴᠢᠬᠤᠯᠠᠴᠢᠯᠠᠵᠤ᠂ ᠤᠷᠢᠳ ᠬᠤᠵᠢᠳ | ᠤᠯᠤᠰ ᠤᠨ ᠲᠠᠰ ᠤᠨ 2 ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ 5 ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ ᠪᠠᠶᠢᠭᠤᠯᠤᠭᠰᠠᠨ ᠪᠥᠭᠡᠳ | ᠰᠦᠯᠵᠢᠶᠡᠨ ᠳᠤ ᠨᠡᠶᠢᠯᠡᠭᠦᠯᠦᠨ ᠨᠠᠪᠲᠠᠷᠡᠭᠦᠯᠵᠦ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ | ᠲᠤᠰᠬᠠᠶᠢᠵᠢᠭᠤᠯᠬᠤ᠂ ᠥᠨᠳᠥᠷ ᠦᠷ᠎ᠡ ᠪᠦᠲᠦᠮᠵᠢᠲᠡᠢ ᠪᠣᠯᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃ ︽ᠢᠨᠲ᠋ᠧᠷ | ᠰᠦᠯᠵᠢᠶ᠎ᠡ + ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠥᠷᠨᠢᠭᠦᠯᠦᠭᠰᠡᠨ ᠨᠢ | ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠠᠭᠤᠰᠤᠯᠴᠠᠭᠤᠯᠤᠨ ᠥᠷᠨᠢᠭᠦᠯᠬᠦ ᠶᠢ ᠪᠡᠶᠡᠯᠡᠭᠦᠯᠵᠦ᠂ ᠨᠡᠩ ᠥᠷᠭᠡᠨ ᠳᠡᠯᠭᠡᠷ ᠨᠣᠭᠤᠭᠠᠷᠠᠭᠤᠯᠤᠯᠲᠠ ᠶᠢ ᠬᠠᠶᠢᠷᠠᠯᠠᠬᠤ | ᠨᠣᠭᠤᠭᠠᠷᠠᠭᠤᠯᠤᠯᠲᠠ ᠬᠢᠬᠦ ᠨᠣᠭᠤᠭᠠᠷᠠᠭᠤᠯᠤᠯᠲᠠ ᠶᠢ ᠬᠠᠮᠠᠭᠠᠯᠠᠬᠤ ᠬᠦᠴᠦᠨ ᠢ ᠨᠢᠭᠲᠠᠷᠠᠭᠤᠯᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ | ᠦᠢᠯᠡᠳᠦᠯ ᠦᠵᠡᠭᠦᠯᠵᠦ ᠪᠤᠢ᠃ |