ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠭᠠᠳ ᠬᠥᠳᠡᠭᠡ ᠲᠤᠰᠬᠤᠨ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2023/5/6
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠳᠥᠷᠪᠡᠨ ᠰᠠᠯᠠᠭ᠎ᠠ ᠮᠥᠴᠢᠷ ᠠᠴᠠ ︽ᠬᠥᠳᠡᠭᠡ ᠲᠤᠰᠬᠤᠨ ᠮᠠᠯᠵᠢᠬᠤ ᠣᠷᠣᠨ ᠤ ᠬᠠᠭᠤᠴᠢᠨ ᠪᠣᠯᠬᠢ ᠪᠦᠳᠦᠭᠦᠯᠢᠭ ᠬᠡᠪ ᠰᠤᠷᠲᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠤᠳ ᠢ ᠲᠤᠰᠬᠠᠶᠢᠯᠠᠨ ᠵᠠᠰᠠᠬᠤ ᠰᠠᠨᠠᠭᠠᠴᠢᠯᠠᠭ᠎ᠠ ᠶᠢᠨ ᠪᠢᠴᠢᠭ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠭᠠᠳ᠂ ᠥᠷᠭᠡᠨ ᠣᠯᠠᠨ ᠮᠠᠯᠴᠢᠳ ᠲᠠᠷᠢᠶᠠᠴᠢᠳ ᠢ ᠬᠥᠲᠥᠯᠥᠨ ᠵᠢᠯᠤᠭᠤᠳᠴᠤ ᠬᠠᠭᠤᠴᠢᠨ ᠪᠣᠯᠬᠢ ᠪᠦᠳᠦᠭᠦᠯᠢᠭ ᠬᠡᠪ ᠰᠤᠷᠲᠠᠯ ᠢ ᠲᠠᠶᠠᠭᠳᠠᠭᠤᠯᠤᠨ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠪᠠᠶᠢᠨ᠎ᠠ᠃      ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠬᠠᠭᠤᠴᠢᠨ ᠪᠣᠯᠬᠢ ᠪᠦᠳᠦᠭᠦᠯᠢᠭ ᠬᠡᠪ ᠰᠤᠷᠲᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠤᠳ ᠢ ᠲᠤᠰᠬᠠᠶᠢᠯᠠᠨ ᠵᠠᠰᠠᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ︔ ᠥᠷᠭᠡᠨ ᠤᠯᠠᠨ ᠮᠠᠯᠴᠢᠳ ᠲᠠᠷᠢᠶᠠᠴᠢᠳ ᠤᠷᠤᠭ ᠬᠤᠷᠢᠮ ᠢ ᠰᠢᠨ᠎ᠡ ᠪᠠᠷ ᠡᠷᠬᠢᠯᠡᠬᠦ᠂ ᠪᠡᠯᠪᠡᠰᠦᠷᠡᠯ ᠢ ᠳᠥᠭᠦᠮ ᠢᠶᠠᠷ ᠦᠢᠯᠡᠳᠬᠦ᠂ ᠳᠠᠬᠢᠯᠭ᠎ᠠ ᠶᠢ ᠪᠣᠯᠪᠠᠰᠤᠨ ᠢᠶᠠᠷ ᠬᠢᠬᠦ᠂ ᠠᠷᠪᠢᠴᠢ ᠭᠠᠮᠲᠠᠢ ᠶᠢ ᠡᠷᠬᠢᠮᠯᠡᠬᠦ᠂ ᠬᠤᠷᠢᠮ ᠨᠠᠶᠢᠷ ᠢ ᠬᠠᠮᠲᠤᠷᠠᠨ ᠡᠷᠬᠢᠯᠡᠬᠦ᠂ ᠪᠠᠶᠠᠷ ᠳᠤᠷᠠᠰᠬᠠᠯ ᠤᠨ ᠡᠳᠦᠷ ᠢ ᠪᠣᠯᠪᠠᠰᠤᠨ ᠢᠶᠠᠷ ᠲᠡᠮᠳᠡᠭᠯᠡᠬᠦ ᠵᠡᠷᠭᠡ ᠠᠷᠭ᠎ᠠ ᠪᠠᠷ ᠳᠠᠮᠵᠢᠨ᠂ ︽ᠬᠠᠭᠤᠴᠢᠨ ᠵᠤᠷᠰᠢᠯ ᠢ ᠡᠪᠳᠡᠬᠦ᠂ ᠪᠣᠯᠬᠢ ᠳᠠᠳᠬᠠᠯ ᠢ ᠬᠠᠶᠠᠬᠤ᠂ ᠪᠣᠯᠪᠠᠰᠤᠨ ᠢ ᠤᠯᠠᠮᠵᠢᠯᠠᠬᠤ᠂ ᠰᠢᠨ᠎ᠡ ᠰᠤᠷᠲᠠᠯ ᠢ ᠪᠤᠢ ᠪᠣᠯᠭᠠᠬᠤ︾ ᠶᠢ ᠬᠠᠮᠲᠤ ᠪᠠᠷ ᠭᠦᠢᠴᠡᠳᠬᠡᠵᠦ᠂ ᠰᠢᠨ᠎ᠡ ᠰᠤᠷᠲᠠᠯ ᠲᠥᠪ ᠰᠤᠷᠲᠠᠯ ᠢ ᠢᠳᠡᠪᠬᠢᠲᠡᠢ ᠰᠠᠨᠠᠭᠠᠴᠢᠯᠠᠭᠴᠢ᠂ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠦ ᠱᠠᠭᠠᠷᠳᠠᠵᠠᠢ᠃      ︽ᠮᠡᠳᠡᠭᠳᠡᠯ︾ ᠳᠤ ᠵᠢᠭᠠᠬᠤ ᠳᠤ ᠪᠠᠨ᠂ ᠥᠷᠭᠡᠨ ᠣᠯᠠᠨ ᠮᠠᠯᠴᠢᠳ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠡᠪ ᠰᠤᠷᠲᠠᠯ ᠢ ᠪᠠᠳᠠᠷᠠᠭᠤᠯᠤᠨ ᠵᠠᠯᠭᠠᠮᠵᠢᠯᠠᠭᠤᠯᠵᠤ᠂ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠬᠠᠭᠤᠴᠢᠨ ᠪᠣᠯᠬᠢ ᠪᠦᠳᠦᠭᠦᠯᠢᠭ ᠬᠡᠪ ᠰᠤᠷᠲᠠᠯ ᠪᠠ ᠹᠧᠣᠳᠠᠯ ᠤᠨ ᠮᠤᠬᠤᠷ ᠪᠢᠰᠢᠷᠡᠯ ᠢ ᠠᠷᠢᠯᠭᠠᠬᠤ ᠬᠡᠷᠡᠭᠲᠡᠢ᠃ ᠤᠷᠤᠭ ᠪᠠ ᠢᠨᠠᠭ ᠤᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠥᠨᠳᠥᠷ ᠦᠨ᠎ᠡ ᠲᠠᠢ ᠬᠤᠷᠢᠮ ᠤᠨ ᠪᠡᠯᠡᠭ᠂ ᠶᠡᠭᠡ ᠪᠠᠷ ᠬᠤᠷᠢᠮᠯᠠᠬᠤ᠂ ᠪᠦᠷᠢᠯᠭᠡᠨ ᠰᠦᠢᠳᠬᠡᠬᠦ᠂ ᠪᠣᠯᠬᠢ ᠪᠦᠳᠦᠭᠦᠯᠢᠭ ᠤᠷᠤᠬ ᠤᠨ ᠲᠣᠭᠯᠠᠭᠠᠮ ᠪᠠ ᠹᠧᠣᠳᠠᠯ ᠤᠨ ᠮᠤᠬᠤᠷ ᠪᠢᠰᠢᠷᠡᠯ ᠵᠡᠷᠭᠡ ᠠᠵᠢᠯᠯᠠᠭ᠎ᠠ ᠨᠤᠭᠤᠳ ᠢ ᠡᠰᠡᠷᠭᠦᠴᠡᠨ ᠬᠤᠷᠢᠭᠯᠠᠬᠤ ᠬᠡᠷᠡᠭᠲᠡᠢ᠃ ᠨᠠᠰᠤᠲᠠᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ ᠬᠡᠪ ᠰᠤᠷᠲᠠᠯ ᠢ ᠪᠠᠳᠠᠷᠠᠭᠤᠯᠤᠨ᠂ ᠠᠮᠢᠳᠤ ᠳᠤ ᠨᠢ ᠵᠢᠷᠭᠠᠭᠤᠯᠬᠤ ᠰᠢᠨ᠎ᠡ ᠦᠵᠡᠯᠲᠡ ᠶᠢ ᠪᠣᠶ ᠪᠣᠯᠭᠠᠵᠤ᠂ ᠠᠮᠢ ᠠᠬᠤᠢ ᠳᠤ ᠠᠰᠢᠭᠲᠠᠢ ᠣᠷᠣᠰᠢᠭᠤᠯᠭ᠎ᠠ ᠶᠢᠨ ᠠᠷᠭ᠎ᠠ ᠶᠢ ᠰᠠᠨᠠᠭᠠᠴᠢᠯᠠᠵᠤ᠂ ᠪᠣᠯᠪᠠᠰᠤᠨ ᠠᠷᠪᠢᠴᠢ ᠭᠠᠮᠲᠠᠢ ᠣᠷᠣᠰᠢᠭᠤᠯᠬᠤ ᠰᠢᠨ᠎ᠡ ᠬᠡᠪ ᠰᠤᠷᠲᠠᠯ ᠢ ᠰᠠᠨᠠᠭᠠᠴᠢᠯᠠᠨ᠎ᠠ᠃ ᠦᠷ᠎ᠡ ᠬᠡᠦᠬᠡᠳ ᠲᠠᠢ ᠪᠣᠯᠬᠤ᠂ ᠰᠤᠷᠭᠠᠭᠤᠯᠢ ᠳᠤ ᠳᠡᠪᠰᠢᠬᠦ ᠴᠡᠷᠢᠭ ᠲᠤ ᠡᠯᠰᠡᠭᠳᠡᠬᠦ ᠵᠡᠷᠭᠡ ᠪᠠᠶᠠᠷᠲᠤ ᠶᠠᠪᠤᠳᠠᠯ ᠤᠳ ᠢ ᠠᠯᠢ ᠴᠢᠳᠠᠬᠤ ᠪᠠᠷ ᠲᠡᠮᠳᠡᠭᠯᠡᠬᠦ ᠦᠭᠡᠢ ᠪᠠᠶᠢᠵᠤ ᠪᠣᠯᠪᠠᠯ ᠲᠡᠮᠳᠡᠭᠯᠡᠬᠦ ᠦᠭᠡᠢ᠂ ᠳᠥᠭᠦᠮᠴᠢᠯᠡᠵᠦ ᠪᠣᠯᠪᠠᠯ ᠳᠥᠭᠦᠮᠴᠢᠯᠡᠨ᠂ ᠪᠣᠯᠬᠢ ᠮᠠᠭᠤ ᠳᠠᠳᠬᠠᠯ ᠢ ᠤᠬᠠᠮᠰᠠᠷ ᠠᠴᠠ ᠪᠠᠨ ᠠᠷᠢᠯᠭᠠᠵᠤ᠂ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠬᠤ ᠬᠡᠷᠡᠭᠲᠡᠢ᠃ ︽ᠠᠮᠤ ᠪᠤᠳᠠᠭ᠎ᠠ ᠪᠦᠷᠢᠯᠭᠡᠨ ᠰᠦᠢᠳᠬᠡᠬᠦ︾ ᠶᠢ ᠡᠷᠡᠰ ᠬᠤᠷᠢᠭᠯᠠᠨ ᠵᠣᠭᠰᠣᠭᠠᠵᠤ᠂ ︽ᠠᠮᠤ ᠪᠤᠳᠠᠭ᠎ᠠ ᠦᠯᠦ ᠪᠦᠷᠢᠯᠭᠡᠬᠦ︾ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠬᠤᠷᠢᠭᠠᠲᠠᠢ ᠣᠷᠣᠨ ᠳᠤ ᠬᠤᠸᠠᠷ ᠫᠤᠤᠵᠢᠩ ᠲᠠᠯᠪᠢᠬᠤ ᠦᠭᠡᠢ ᠪᠠᠶᠢᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号