ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/14
    ︽ᠪᠥᠬᠦ ᠬᠤᠰᠢᠭᠤᠨ ᠤ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢᠨ ᠶᠡᠷᠦᠩᠬᠡᠶ ᠲᠥᠰᠦᠯ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 7 ᠰᠠᠷ᠎ᠠ ᠶᠢᠨ 28 ᠤ ᠡᠳᠦᠷ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ ᠪᠠᠶ ᠢᠦᠶ ᠭᠠᠩ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠠᠭᠤᠯᠭ᠎ᠠ ᠪᠠᠷ ᠪᠠᠶᠠᠯᠢᠭ᠂ ᠵᠠᠳᠠᠯᠤᠯᠲᠠ ᠪᠠᠷ ᠨᠡᠪᠲᠡᠷᠬᠡᠶ ᠪᠠᠶᠢᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ  ᠵᠦᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠬᠦᠴᠦᠲᠡᠶ ᠪᠠᠲᠤᠯᠠᠭ᠎ᠠ ᠬᠠᠩᠭᠠᠪᠠ᠃       ᠬᠤᠰᠢᠭᠤᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠲᠤᠬᠠᠶᠢᠯᠠᠭᠰᠠᠨ ᠠᠵᠢᠯ ᠤᠨ ᠲᠠᠰᠤᠭ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠥᠷᠲᠡᠭᠡ ᠶᠢᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号