ᠵᠡᠭᠦᠨ ᠬᠤᠳᠠ ᠵᠡᠭᠡᠯᠢ ᠭᠤᠳᠤᠮᠵᠢ ᠨᠢ ︽8.1 ᠶᠢ ᠮᠠᠭᠲᠠᠨ ᠳᠠᠭᠤᠯᠠᠵᠤ ᠴᠡᠷᠢᠭ ᠤᠨ ᠰᠦᠭ ᠰᠦᠨᠡᠰᠦ ᠳᠤ ᠬᠦᠨᠳᠦᠳᠬᠡᠯ ᠳᠡᠪᠰᠢᠭᠦᠯᠬᠦ︾ ᠤᠷᠠᠨ ᠰᠠᠶᠢᠬᠠᠨ ᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2023/8/14
    7 ᠰᠠᠷ᠎ᠠ ᠶᠢᠨ 28 ᠤ ᠡᠳᠦᠷ᠂  ᠵᠡᠭᠦᠨ ᠬᠤᠳᠠ ᠵᠡᠭᠡᠯᠢ ᠭᠤᠳᠤᠮᠵᠢ ᠨᠢ  ︽8.1 ᠶᠢ ᠮᠠᠭᠲᠠᠨ ᠳᠠᠭᠤᠯᠠᠵᠤ ᠴᠡᠷᠢᠭ ᠤᠨ ᠰᠦᠭ ᠰᠦᠨᠡᠰᠦ ᠳᠤ ᠬᠦᠨᠳᠦᠳᠬᠡᠯ ᠳᠡᠪᠰᠢᠭᠦᠯᠬᠦ︾ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠵᠠᠶ ᠯᠢ ᠵᠢᠶᠦ᠋ᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠳ᠋ᠦᠩ ᠴᠧᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃     ᠵᠠᠢ ᠯᠢ ᠵᠢᠶᠦ᠋ᠨ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠲᠡᠷᠡ᠂ ᠴᠡᠷᠢᠭ ᠠᠴᠠ ᠬᠠᠯᠠᠭᠳᠠᠭᠰᠠᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠮᠠᠨ ᠤ ᠬᠤᠰᠢᠭᠤᠨ ᠤ ᠬᠥᠭᠵᠢᠯᠲᠡ ᠶᠢᠨ ᠴᠢᠬᠤᠯᠠ ᠴᠢᠳᠠᠪᠤᠷᠢᠲᠠᠨ ᠤ ᠡᠬᠢ ᠪᠠᠶᠠᠯᠢᠭ ᠮᠥᠨ᠃ ᠴᠡᠷᠢᠭ ᠠᠩᠭᠢ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠲᠡᠳᠡ ᠡᠭᠡ ᠣᠷᠣᠨ ᠤ ᠪᠠᠨ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠶᠤᠮ᠃ ᠴᠡᠷᠢᠭ ᠠᠴᠠ ᠬᠠᠯᠠᠭᠳᠠᠭᠰᠠᠨ ᠤ ᠳᠠᠷᠠᠭ᠎ᠠ᠂ ᠲᠠᠳᠠ ᠪᠥᠬᠦ ᠲᠠᠯ᠎ᠠ ᠶᠢ ᠬᠠᠷᠠᠭᠠᠯᠵᠠᠨ᠂ ᠲᠣᠬᠢᠷᠠᠭᠤᠯᠤᠯᠲᠠ ᠶᠢ ᠳᠠᠭᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠶ ᠭᠡᠵᠠᠢ᠃     ᠤᠷᠠᠨ ᠰᠠᠶᠢᠬᠠᠨ ᠤ ᠲᠣᠭᠯᠠᠯᠲᠠ ᠨᠢ ᠡᠬᠢᠯᠡᠯᠲᠡ ᠶᠢᠨ ᠪᠥᠵᠢᠭ ︽ᠰᠠᠯᠬᠢᠨ ᠬᠦᠯᠦᠭ︾  ᠪᠠᠷ ᠡᠬᠢᠯᠡᠪᠡ᠃ ︽ᠠᠷᠪᠠᠳᠤᠭᠠᠷ ᠬᠤᠭᠤᠴᠠᠭᠠᠨ ᠤ ᠤᠯᠠᠭᠠᠨ ᠴᠡᠷᠢᠭ ᠢ ᠬᠦᠷᠭᠡᠭᠰᠡᠨ ᠨᠢ︾᠂ ︽ᠴᠡᠷᠢᠭ ᠬᠥᠮᠦᠨ ᠤ ᠴᠢᠨᠠᠷ︾᠂ ︽ᠴᠡᠷᠢᠭ ᠠᠴᠠ ᠬᠠᠯᠠᠭᠳᠠᠭᠰᠠᠳ ᠤᠨ ᠴᠤᠭ ᠵᠢᠪᠬᠤᠭ᠎ᠠ︾᠂ ︽ᠴᠢᠯᠥᠭᠡᠯᠡᠬᠦ ᠴᠡᠷᠢᠭ ᠤᠨ ᠮᠠᠭᠲᠠᠭᠠᠯ ᠳᠠᠭᠤᠤ︾᠂ ︽ᠪᠠᠭᠠᠲᠤᠷᠴᠤᠳ ᠤᠨ ᠮᠠᠭᠲᠠᠭᠠᠯ ᠳᠠᠭᠤᠤ︾ ᠵᠡᠷᠭᠡ ᠲᠣᠭᠯᠠᠯᠲᠠ ᠨᠢ ᠠᠯᠢ ᠤᠯᠠᠨ ᠪᠡᠷᠬᠡ ᠬᠠᠲᠠᠭᠤᠵᠢᠯᠲᠠᠢ ᠲᠡᠦᠬᠡ ᠶᠢ ᠲᠠᠬᠢᠨ ᠢᠯᠡᠷᠡᠭᠦᠯᠵᠦ᠂ ᠠᠷᠠᠳ ᠲᠦᠮᠡᠨ ᠪᠣᠯᠤᠨ ᠤᠯᠠᠭᠠᠨ ᠴᠡᠷᠢᠭ ᠤᠨ ᠵᠢᠭᠠᠰᠤ ᠤᠰᠤᠨ ᠤ ᠰᠡᠳᠬᠢᠯᠭᠡ ᠶᠢ ᠳᠠᠭᠤᠯᠠᠭᠰᠠᠨ ᠢᠶᠠᠷ ᠪᠠᠷᠠᠬᠤ ᠦᠭᠡᠢ᠂ ᠪᠠᠰᠠ ᠠᠷᠠᠳ ᠲᠦᠮᠡᠨ ᠤ ᠨᠠᠮ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠬᠤᠪᠢᠰᠬᠠᠯ ᠤᠨ ᠵᠠᠪᠠᠯ ᠢᠯᠠᠯᠲᠠ ᠤᠯᠬᠤ ᠡᠷᠴᠢ ᠵᠣᠷᠢᠭ ᠢ ᠢᠯᠡᠳᠬᠡᠵᠦ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠴᠡᠷᠢᠭ ᠠᠴᠠ ᠬᠠᠯᠠᠭᠳᠠᠭᠰᠠᠨ ᠴᠤ ᠰᠡᠳᠬᠢᠯ ᠬᠤᠪᠢᠷᠠᠬᠤ ᠦᠭᠡᠢ᠂ ᠴᠡᠷᠢᠭ ᠠᠴᠠ ᠬᠠᠯᠠᠭᠳᠠᠭᠰᠠᠨ ᠴᠤ ᠵᠣᠷᠢᠭ ᠮᠣᠬᠤᠬᠤ ᠦᠭᠡᠢ ᠪᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠪᠠ᠃      ᠬᠠᠷᠢᠭᠤ ᠮᠡᠳᠡᠭᠦᠯᠦᠯᠲᠡ ᠶᠢᠨ ᠬᠤᠭᠤᠴᠠᠭᠠᠨ ᠳᠤ ᠰᠢᠯᠢᠳᠡᠭ ᠡᠷᠦᠬᠡ ᠶᠢᠨ ᠴᠡᠷᠢᠭ᠂ ᠴᠡᠷᠢᠭ ᠠᠴᠠ ᠬᠠᠯᠠᠭᠳᠠᠭᠰᠠᠳ ᠤᠨ ᠲᠡᠷᠢᠭᠦᠨ ᠤ ᠠᠵᠢᠯᠲᠠᠨ᠂ ᠬᠠᠮᠤᠭ ᠤᠨ ᠭᠤᠶᠣ ᠨᠠᠮ ᠤᠨ ᠡᠭᠦᠷ ᠤᠨ ᠱᠦᠵᠢ᠂ ᠬᠠᠮᠤᠭ ᠤᠨ ᠭᠤᠶᠣ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠣᠨᠴᠠᠭᠠᠶ ᠬᠤᠪᠢ ᠨᠡᠮᠡᠷᠢ ᠦᠵᠡᠭᠦᠯᠦᠭᠰᠡᠨ ᠴᠡᠷᠢᠭ ᠠᠴᠠ ᠬᠠᠯᠠᠭᠳᠠᠭᠰᠠᠳ ᠢ ᠬᠥᠬᠢᠭᠦᠯᠦᠨ ᠰᠠᠶᠢᠰᠢᠶᠠᠵᠠᠶ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号