ᠪᠠᠭᠠᠷᠢᠨ ᠵᠡᠭᠦᠨ ᠬᠤᠰᠢᠭᠤᠨ ᠤ 2023 ᠣᠨ ᠤ 7 ᠰᠠᠷ᠎ᠠ ᠶᠢᠨ ᠠᠷᠠᠯᠵᠢᠶᠠᠨ ᠤ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2023/8/28
 2023 ᠣᠨ ᠤ 1 — 7 ᠰᠠᠷ᠎ᠠ ᠳᠤ᠂ ᠪᠠᠭᠠᠷᠢᠨ ᠵᠡᠭᠦᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 0.2  % ᠥᠨᠳᠥᠷ ᠪᠣᠯᠵᠠᠶ᠃ 1 — 7 ᠰᠠᠷ᠎ᠠ ᠳᠤ᠂ ᠪᠠᠭᠠᠷᠢᠨ ᠵᠡᠭᠦᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 19.1% ᠪᠠᠷ ᠨᠡᠮᠡᠭᠳᠡᠪᠡ᠃    ᠨᠢᠭᠡ᠂ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠪᠠᠷ ᠬᠢᠵᠠᠭᠠᠷᠯᠠᠭᠰᠠᠨ ᠪᠦᠬᠦᠯᠢ ᠴᠣᠭᠴᠠ ᠶᠢᠨ ᠡᠵᠡᠩᠨᠡᠯᠲᠡ ᠶᠢᠨ ᠪᠠᠶᠢᠳᠠᠯ    1. ᠠᠵᠢᠯ ᠲᠥᠷᠥᠯ ᠬᠤᠪᠢᠶᠠᠭᠰᠠᠨ 1 — 7 ᠰᠠᠷ᠎ᠠ ᠶᠢᠨ ᠵᠢᠵᠢᠭᠯᠡᠨ ᠬᠤᠳᠠᠯᠳᠤᠭᠰᠠᠨ ᠨᠡᠶᠢᠲᠡ ᠪᠠᠶᠢᠳᠠᠯ ᠠᠴᠠ ᠦᠵᠡᠪᠡᠯ᠄ ᠵᠢᠵᠢᠭᠯᠡᠨ ᠬᠤᠳᠠᠯᠳᠤᠭᠰᠠᠨ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠠᠴᠠ 26.0% ᠨᠡᠮᠡᠭᠳᠡᠵᠡᠶ᠃ ᠬᠤᠨᠤᠭ ᠤᠨ  ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 90.4% ᠨᠡᠮᠡᠭᠳᠡᠪᠡ︔ ᠢᠳᠡᠭᠡᠨ ᠤᠮᠳᠠᠭᠠᠨ ᠤ  ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃    ᠬᠤᠶᠠᠷ᠂ ᠨᠢᠭᠡᠴᠡ ᠶᠢᠨ ᠪᠣᠷᠣᠯᠠᠭᠤᠯᠤᠯᠲᠠ ᠶᠢᠨ ᠬᠡᠮᠵᠢᠶ᠎ᠡ ᠪᠠᠷ ᠬᠢᠵᠠᠭᠠᠷᠯᠠᠵᠤ ᠪᠦᠬᠦᠯᠢ ᠴᠣᠭᠴᠠ ᠪᠠᠷ ᠡᠵᠡᠩᠨᠡᠭᠰᠡᠨ ᠪᠠᠶᠢᠳᠠᠯ    1. ᠪᠥᠭᠡᠮ ᠢᠶᠠᠷ ᠬᠤᠳᠠᠯᠳᠤᠬᠤ‌ᠦᠢᠯᠡᠰ᠄ 1 — 7 ᠰᠠᠷ᠎ᠠ ᠳᠤ ᠪᠥᠬᠦ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠢᠯ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 47.6% ᠪᠠᠭᠤᠷᠠᠪᠠ᠃    2᠂ ᠵᠢᠵᠢᠭᠯᠡᠨ ᠬᠤᠳᠠᠯᠳᠤᠬᠤ ᠦᠢᠯᠡᠰ᠄ 1 — 7 ᠰᠠᠷ᠎ᠠ ᠳᠤ ᠪᠥᠬᠦ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠶ᠋ᠯᠡᠰ ᠤᠨ ᠪᠡᠶᠡᠯᠡᠭᠦᠯᠦᠭᠰᠡᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.8% ᠨᠡᠮᠡᠭᠳᠡᠪᠡ᠃    3. ᠬᠤᠨᠣᠭᠯᠠᠬᠤ ᠦᠢᠯᠡᠰ᠄ 1 — 7 ᠰᠠᠷ᠎ᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠶ᠋ᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 64.3% ᠨᠡᠮᠡᠭᠳᠡᠪᠡ    4. ᠢᠳᠡᠭᠡᠨ ᠤᠮᠳᠠᠭᠠᠨ ᠤ ᠦᠢᠯᠡᠰ᠄ 1 — 7 ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠶ᠋ᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃    ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠡᠷᠡᠭᠴᠡᠭᠡ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ    1. ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠳᠣᠲᠣᠷ᠎ᠠ᠂ ᠬᠡᠰᠡᠭ ᠠᠵᠤ ᠠᠬᠤᠶᠢᠯᠠᠯ ᠨᠢ ᠨᠠᠮᠤᠷ ᠤᠨ ᠬᠤᠷᠢᠶᠠᠯᠲᠠ ᠠᠴᠠ ᠡᠮᠦᠨ᠎ᠡ ᠪᠣᠯᠲᠠᠯ᠎ᠠ ᠴᠥᠮ ᠡᠵᠡᠩᠨᠡᠯᠲᠡ ᠶᠢᠨ ᠠᠵᠢᠯᠯᠠᠭ᠎ᠠ ᠦᠭᠡᠶ ᠪᠠᠶᠢᠵᠤ ᠮᠡᠳᠡᠨ᠎ᠡ᠃    ᠳᠥᠷᠪᠡ᠂ ᠠᠷᠭᠠᠴᠠᠬᠤ ᠠᠷᠭ᠎ᠠ ᠵᠢᠴᠢ ᠰᠠᠨᠠᠭᠤᠯᠭ᠎ᠠ    1. ᠬᠥᠮᠥᠷᠭᠡ ᠳᠤ ᠣᠷᠣᠭᠤᠯᠬᠤ ᠶᠢ ᠠᠳᠬᠤᠵᠤ᠂ ᠳᠡᠭᠡᠷ᠎ᠡ ᠱᠠᠲᠤᠨ ᠤ ᠬᠢ ᠶᠢ ᠬᠢᠵᠠᠭᠠᠷᠯᠠᠬᠤ ᠬᠠᠷᠢᠴᠠᠯ ᠢ ᠳᠡᠭᠡᠭᠰᠢᠯᠡᠭᠦᠯᠦᠨ᠎ᠡ᠃ ᠠᠵᠤ ᠠᠬᠤᠶ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠡᠭᠡᠳᠦ ᠱᠠᠲᠤᠨ ᠤ ᠬᠢ ᠶᠢ ᠬᠢᠵᠠᠭᠠᠷᠯᠠᠨ ᠨᠢᠭᠡᠳᠦᠯᠲᠡᠶ ᠪᠣᠯᠭᠠᠬᠤ ᠠᠵᠢᠯ ᠢ ᠬᠠᠮᠲᠤ ᠪᠠᠷ ᠰᠠᠶᠢᠲᠤᠷ ᠠᠳᠬᠤᠵᠤ᠂ ᠳᠡᠭᠡᠳᠦ ᠱᠠᠲᠤᠨ ᠤ ᠬᠢ ᠶᠢ ᠬᠢᠵᠠᠭᠠᠷᠯᠠᠨ ᠡᠵᠡᠯᠡᠬᠦ ᠬᠠᠷᠢᠴᠠᠯ ᠢ ᠥᠷᠭᠡᠳᠬᠡᠨ᠂ ᠣᠨ᠂ ᠰᠠᠷ᠎ᠠ ᠶᠢᠨ ᠰᠢᠨ᠎ᠡ ᠪᠠᠷ ᠨᠡᠮᠡᠭᠳᠡᠬᠦ ᠨᠢᠭᠡᠴᠡ ᠶᠢ ᠴᠢᠩᠭᠠᠳᠬᠠᠵᠤ᠂ ᠳᠡᠭᠡᠳᠦ ᠱᠠᠲᠤᠨ ᠤ ᠬᠢ ᠶᠢ ᠬᠢᠵᠠᠭᠠᠷᠯᠠᠨ ᠬᠢᠵᠠᠭᠠᠷᠯᠠᠬᠤ ᠲᠤᠭ᠎ᠠ ᠪᠠᠷᠢᠮᠲᠠ ᠶᠢᠨ ᠲᠥᠯᠥᠭᠡᠯᠡᠬᠦ ᠴᠢᠨᠠᠷ ᠢ ᠴᠢᠩᠭᠠᠷᠠᠭᠤᠯᠤᠨ᠎ᠠ᠃    2. ᠪᠤᠶᠢᠵᠢᠯᠲᠠ ᠶᠢᠨ ᠬᠡᠯᠪᠡᠷᠢ ᠶᠢᠨ ᠠᠵᠤ ᠠᠬᠤᠶᠢᠯᠠᠯ ᠢ ᠠᠭᠤᠳᠠᠯᠵᠤ᠂ ᠳᠠᠯᠳᠠ ᠬᠦᠴᠦᠨ ᠲᠠᠢ ᠠᠵᠤ ᠠᠬᠤᠶᠢᠯᠠᠯ᠂ ᠬᠤᠪᠢ ᠬᠥᠮᠦᠨ ᠢ ᠢᠳᠡᠪᠬᠢᠲᠡᠶ ᠪᠠᠷ ᠪᠤᠶᠢᠵᠢᠭᠤᠯᠤᠨ ᠠᠭᠤᠳᠠᠯᠵᠤ᠂ ᠬᠡᠪᠴᠢᠶ᠎ᠡ ᠶᠢ ᠥᠷᠭᠡᠳᠬᠡᠬᠦ ᠲᠠᠪᠴᠠᠩ ᠳᠤ ᠤᠷᠢᠳᠠᠪᠠᠷ ᠣᠷᠣᠭᠤᠯᠵᠤ᠂ ᠬᠡᠪᠴᠢᠶ᠎ᠡ ᠶᠢ ᠥᠷᠭᠡᠳᠬᠡᠬᠦ ᠲᠠᠪᠴᠠᠩ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠥᠬᠡᠶ᠂ ᠪᠠᠰᠠ ᠠᠵᠤ ᠠᠬᠤᠶᠢᠯᠠᠯ ᠢ ᠨᠢᠭᠡ ᠢᠵᠢ ᠬᠦᠰᠦᠨᠦᠭᠲᠦ ᠶᠢᠨ ᠲᠠᠪᠴᠠᠩ ᠳᠤ ᠳᠡᠪᠰᠢᠭᠦᠯᠬᠦ ᠠᠴᠠ ᠡᠮᠦᠨ᠎ᠡ ᠠᠵᠤ ᠠᠬᠤᠶᠢᠯᠠᠯ ᠤᠨ ᠮᠡᠳᠡᠭᠦᠯᠬᠦ ᠬᠦᠰᠦᠨᠦᠭᠲᠦ ᠶᠢᠨ ᠴᠤᠪᠤᠷᠠᠯ ᠢ ᠵᠢᠷᠤᠮᠵᠢᠭᠤᠯᠵᠤ᠂ ᠠᠵᠤ ᠠᠬᠤᠶᠢᠯᠠᠯ ᠤᠨ ᠵᠢᠩᠬᠢᠨᠢ ᠪᠠᠷ ᠮᠡᠳᠡᠭᠦᠯᠬᠦ ᠦᠶ᠎ᠡ ᠶᠢᠨ ᠮᠡᠳᠡᠭᠦᠯᠬᠦ ᠬᠦᠰᠦᠨᠦᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号