ᠪᠠᠭᠠᠷᠢᠨ ᠵᠡᠭᠦᠨ ᠬᠤᠰᠢᠭᠤ᠄ ᠮᠠᠯᠵᠢᠬᠤ ᠲᠠᠷᠢᠶᠠᠯᠠᠬᠤ ᠣᠷᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2023/9/11
   2023 ᠣᠨ ᠠᠴᠠ ᠨᠠᠰᠢ᠂ ᠪᠠᠭᠠᠷᠢᠨ ᠵᠡᠭᠦᠨ ᠬᠤᠰᠢᠭᠤ ᠨᠢ ᠥᠪᠡᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠢᠳᠡᠪᠬᠢᠲᠡᠶ ᠣᠷᠣᠯᠴᠠᠭᠤᠯᠵᠤ᠂ ᠠᠵᠢᠯ ᠤᠨ ᠪᠠᠶᠢᠷᠢᠰᠢᠯ ᠢᠶᠠᠨ ᠥᠷᠭᠡᠳᠬᠡᠨ᠂ ᠪᠥᠬᠦ ᠬᠤᠰᠢᠭᠤ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃     ᠭᠠᠴᠠᠭ᠎ᠠ ᠲᠣᠰᠬᠤᠨ ᠤ ᠺᠠᠳ᠋ᠷ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠬᠦ ᠬᠡᠷᠡᠭᠳᠡᠢ᠃ ᠪᠥᠬᠦ ᠬᠤᠰᠢᠭᠤᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠭᠡᠰᠢᠭᠦᠨ᠂ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢ ᠪᠠ ᠬᠥᠳᠡᠭᠡ ᠲᠣᠰᠬᠤᠨ ᠤ ᠴᠢᠳᠠᠪᠤᠷᠢᠲᠠᠨ᠂ ᠨᠤᠲᠤᠭ ᠤᠨ ᠮᠡᠷᠭᠡᠳ ᠪᠠ ᠰᠦᠯᠵᠢᠶᠡᠨ ᠤ ᠠᠵᠢᠯᠲᠠᠨ ᠵᠡᠷᠭᠡ ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠮᠠᠯᠵᠢᠬᠤ ᠲᠠᠷᠢᠶᠠᠯᠠᠬᠤ ᠣᠷᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ ᠬᠡᠷᠡᠭᠲᠡᠶ᠃ ᠪᠠᠶᠢᠩᠭᠤ ᠶᠢᠨ ᠴᠢᠨᠠᠷᠲᠠᠶ ᠲᠣᠭᠤᠷᠢᠨ ᠰᠤᠷᠪᠤᠯᠵᠢᠯᠠᠬᠤ ᠶᠢ ᠥᠷᠨᠢᠭᠦᠯᠵᠦ᠂ ᠬᠠᠷᠢᠶᠠᠲᠤ ᠣᠷᠣᠨ ᠤ ᠵᠠᠩᠭᠢᠯᠠᠭ᠎ᠠ ᠶᠢᠨ ᠪᠡᠯᠡᠳᠬᠡᠮᠵᠢ ᠵᠢᠴᠢ ᠰᠤᠷᠭᠠᠭᠤᠯᠢ ᠶᠢᠨ ᠡᠷᠬᠢᠨ ᠲᠣᠭᠤᠷᠢᠨ ᠤ ᠳᠠᠷᠤᠮᠠᠯᠯᠠᠯ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ ᠵᠡᠷᠭᠡ ᠶᠢ ᠰᠤᠷᠪᠤᠯᠵᠢᠯᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠰᠢᠢᠳᠪᠦᠷᠢᠯᠡᠬᠦ ᠬᠡᠷᠡᠭᠲᠡᠶ᠃ ᠲᠣᠰᠬᠤᠨ ᠤ ᠠᠷᠠᠳ ᠤᠨ ᠵᠥᠪᠯᠡᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ ᠵᠡᠷᠭᠡ ᠴᠢᠳᠠᠮᠵᠢ ᠶᠢ ᠪᠠᠳᠠᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠳᠤ ᠲᠦᠰᠢᠭᠯᠡᠨ᠂ ︽ᠳᠡᠯᠡᠬᠡᠶ ᠶᠢᠨ ᠨᠣᠮ ᠤᠩᠰᠢᠬᠤ ᠡᠳᠦᠷ︾᠂ ︽ᠪᠥᠬᠦ ᠠᠷᠠᠳ ᠤᠨ ᠨᠣᠮ ᠤᠩᠰᠢᠬᠤ ᠡᠳᠦᠷ︾ ᠵᠡᠷᠭᠡ ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠥᠬᠦ ᠠᠷᠠᠳ ᠢᠶᠠᠷ ᠢᠶᠠᠨ ᠨᠣᠮ ᠤᠩᠰᠢᠬᠤ︾᠂ ︽ᠬᠠᠮᠠᠭᠠᠯᠠᠬᠤ · ᠨᠣᠭᠤᠭᠠᠨ ᠨᠣᠮ ᠤᠨ ᠱᠣᠰᠢᠭ᠎ᠠ︾  ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠭᠦᠯᠵᠤ ᠪᠤᠢ ᠃ ᠣᠲᠣ ᠪᠣᠯᠲᠠᠯ᠎ᠠ  ᠬᠤᠯᠪᠣᠭᠳᠠᠯ ᠪᠥᠬᠦᠶ ᠠᠵᠢᠯᠯᠠᠭ᠎ᠠ ᠶᠢ ᠨᠡᠶᠢᠲᠡ 300 ᠭᠠᠷᠤᠶ ᠤᠳᠠᠭ᠎ᠠ ᠥᠷᠨᠢᠭᠦᠯᠦᠭᠰᠡᠨ ᠪᠠᠶᠢᠨ᠎ᠠ᠃    ᠰᠠᠶᠢᠨ ᠳᠤᠷ᠎ᠠ ᠶᠢᠨ ᠠᠵᠢᠯᠯᠠᠭᠴᠢ ᠨᠠᠷ ᠬᠠᠯᠠᠭᠤᠨ ᠰᠡᠳᠬᠢᠯ ᠢᠶᠠᠷ ᠣᠷᠣᠯᠴᠠᠪᠠ᠃ ᠪᠠᠭᠠᠷᠢᠨ ᠵᠡᠭᠦᠨ ᠬᠤᠰᠢᠭᠤᠨ ᠤ ᠪᠣᠭᠤᠮᠲᠠ ᠶᠢᠨ ᠠᠵᠤ ᠦᠢᠯᠡᠳᠪᠦᠷᠢ ᠶᠢᠨ ᠵᠥᠪᠯᠡᠯ ᠤᠨ ᠬᠢᠨ ᠰᠣᠶᠣᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ᠂  ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠰᠦᠯᠵᠢᠶᠡᠨ ᠤ ᠪᠠᠭᠠᠷ᠂ ᠨᠣᠮ ᠤᠨ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃ ᠭᠠᠴᠠᠭ᠎ᠠ ᠲᠣᠰᠬᠤᠨ ᠨᠢ ᠰᠠᠶᠢᠨ ᠳᠤᠷ᠎ᠠ ᠶᠢᠨ ᠠᠵᠢᠯᠯᠠᠭᠴᠢ ᠶᠢ ᠵᠡᠷᠭᠡ ᠳᠤᠨᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠬᠦ ᠬᠡᠷᠡᠭᠲᠡᠶ᠃ ᠰᠠᠶᠢᠨ ᠳᠤᠷ᠎ᠠ ᠶᠢᠨ ᠠᠵᠢᠯᠯᠠᠭᠴᠢ ᠱᠠᠯᠠᠪᠳᠠᠭᠤᠯᠤᠨ ᠪᠠᠶᠢᠴᠠᠭᠠᠬᠤ᠂ ᠯᠠᠪᠯᠠᠨ ᠠᠰᠠᠭᠤᠬᠤ᠂ ᠳᠠᠩᠰᠠᠯᠠᠭᠰᠠᠨ ᠲᠡᠮᠳᠡᠭᠯᠡᠯ ᠢ ᠪᠠᠶᠢᠴᠠᠭᠠᠨ ᠦᠵᠡᠬᠦ᠂ ᠪᠡᠶ᠎ᠡ ᠶᠢᠨ ᠦᠨᠡᠮᠯᠡᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠯᠪᠡᠷᠢ ᠪᠠᠷ ᠲᠤᠬᠠᠢ ᠶᠢᠨ ᠲᠠᠯᠠᠪᠠᠢ ᠳᠤ ᠬᠢᠨᠠᠨ ᠵᠢᠯᠣᠭᠤᠳᠴᠤ᠂ ᠨᠣᠮ ᠤᠨ ᠳᠡᠯᠭᠡᠭᠦᠷ ᠤᠨ ᠨᠣᠮ ᠪᠢᠴᠢᠭ ᠢ ᠵᠢᠩᠬᠢᠨᠢ ᠬᠡᠪᠯᠡᠭᠦᠯᠦᠭᠰᠡᠨ ᠡᠰᠡᠬᠦ᠂ ᠬᠠᠤᠯᠢ ᠶᠣᠰᠣᠨ ᠤ ᠡᠵᠡᠩᠨᠡᠯᠲᠡ ᠪᠠᠶᠢᠬᠤ ᠡᠰᠡᠬᠦ᠂ ᠬᠤᠣᠷ ᠬᠥᠨᠥᠭᠡᠯ ᠲᠠᠢ ᠨᠣᠮ ᠰᠡᠳᠬᠦᠯ ᠪᠠᠶᠢᠬᠤ ᠡᠰᠡᠬᠦ ᠵᠡᠷᠭᠡ ᠶᠢ ᠪᠠᠶᠢᠴᠠᠭᠠᠨ᠎ᠠ᠃ ᠡᠨᠡ ᠵᠢᠯ ᠠᠴᠠ ᠨᠠᠰᠢ 4 ᠰᠦᠯᠵᠢᠶᠡᠨ ᠤ ᠪᠠᠭᠠᠷ᠂ 8 ᠨᠣᠮ ᠤᠨ ᠳᠡᠯᠭᠡᠭᠦᠷ ᠢ ᠪᠠᠶᠢᠴᠠᠭᠠᠪᠠ᠃ ᠬᠢᠨᠠᠨ ᠪᠠᠶᠢᠴᠠᠭᠠᠬᠤ ᠪᠠᠷ ᠳᠠᠮᠵᠢᠭᠤᠯᠤᠨ᠂ ᠡᠵᠡᠩᠨᠡᠭᠴᠢᠳ ᠤᠨ ᠬᠠᠤᠯᠢ  ᠴᠠᠭᠠᠵᠠ ᠰᠠᠬᠢᠬᠤ ᠤᠬᠠᠮᠰᠠᠷ ᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠡᠷᠭᠡᠶᠢᠯᠡᠯᠲᠡ ᠶᠢᠨ ᠬᠡᠷᠡᠮ ᠢ ᠪᠠᠶᠢᠭᠤᠯᠵᠤ ᠥᠭᠭᠦᠭᠰᠡᠨ ᠪᠠᠶᠢᠨ᠎ᠠ᠃     ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠰᠠᠨᠠᠭᠠᠴᠢᠯᠠᠭ᠎ᠠ ᠠᠴᠠ ᠪᠠᠨ ᠠᠵᠢᠯᠯᠠᠭᠠᠨ ᠦᠷᠨᠢᠭᠦᠯᠪᠡ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠥᠳᠡᠭᠡ ᠲᠣᠰᠬᠤᠨ ᠤ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠪᠣᠳᠠᠲᠠᠶ ᠪᠠᠶᠢᠳᠠᠯ ᠳᠤ ᠴᠢᠭᠯᠡᠭᠦᠯᠦᠨ᠂ ᠵᠣᠨ ᠤ ᠠᠮᠠᠷᠠᠯᠲᠠ ᠶᠢᠨ ᠬᠤᠭᠤᠴᠠᠭᠠᠨ ᠳᠤ ᠣᠯᠠᠨ ᠶᠠᠩᠵᠤ ᠶᠢᠨ ︽ᠬᠠᠮᠠᠭᠠᠯᠠᠬᠤ︾ ᠠᠵᠢᠯᠯᠠᠭ᠎ᠠ ᠥᠷᠨᠢᠭᠦᠯᠪᠡ᠃ ᠪᠠᠭᠠᠷᠢᠨ ᠵᠡᠭᠦᠨ ᠬᠤᠰᠢᠭᠤᠨ ᠤ ᠯᠦᠩᠴᠠᠩ ᠪᠠᠯᠭᠠᠰᠤ ᠶᠢᠨ ᠪᠠᠨ ᠯᠠ ᠭᠸᠤ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠨ 2021 ᠣᠨ ᠤ 7 ᠰᠠᠷ᠎ᠠ ᠳᠤ ︽ᠴᠦᠨ ᠡᡁᠧ ᠰᠤᠷᠭᠠᠭᠤᠯᠢ︾ ᠶᠢ ᠪᠠᠶᠢᠭᠤᠯᠪᠠ᠃ ᠰᠤᠷᠭᠠᠭᠤᠯᠢ ᠨᠢ ︽ᠬᠠᠪᠤᠷ ᠤᠨ ᠲᠠᠷᠢᠶᠠᠨ ᠤ ᠪᠤᠶᠢᠵᠢᠯᠲᠠ ᠶᠢ ᠬᠠᠮᠠᠭᠠᠯᠠᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠬᠥᠮᠦᠵᠢᠭᠦᠯᠬᠦ︾ ᠪᠠᠷ ᠬᠠᠷᠠᠯᠲᠠ ᠪᠣᠯᠭᠠᠵᠤ᠂ ᠬᠡᠤᠬᠡᠳ ᠤᠨ ᠰᠤᠷᠤᠯᠴᠠᠬᠤ ᠳᠠᠳᠬᠠᠯ ᠢ ᠰᠠᠶᠢᠵᠢᠷᠠᠭᠤᠯᠤᠨ᠂ ᠬᠡᠤᠬᠡᠳ ᠢ ᠡᠯᠪᠡᠭ ᠪᠠᠶᠠᠯᠢᠭ ᠠᠮᠠᠷᠠᠯᠲᠠ ᠶᠢᠨ ᠬᠤᠭᠤᠴᠠᠭ᠎ᠠ ᠲᠠᠢ ᠪᠣᠯᠭᠠᠬᠤ ᠪᠠᠷ ᠵᠣᠷᠢᠯᠭ᠎ᠠ ᠪᠠᠨ ᠪᠣᠯᠭᠠᠵᠠᠶ᠃ ᠰᠤᠷᠭᠠᠭᠤᠯᠢ ᠨᠢ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠥᠯᠥᠪᠯᠡᠭᠡ ᠲᠣᠭᠲᠠᠭᠠᠵᠤ᠂ ᠬᠠᠭᠠᠰ ᠡᠳᠦᠷ ᠤᠨ ᠴᠠᠭ ᠢ ᠠᠰᠢᠭᠯᠠᠨ ᠤᠷᠠᠨ ᠪᠢᠴᠢᠯᠭᠡ᠂ ᠤᠩᠰᠢᠯᠭ᠎ᠠ᠂ ᠶᠠᠷᠢᠶᠠᠨ ᠤ ᠬᠡᠯᠡᠨ ᠤ ᠢᠯᠡᠳᠬᠡᠯ᠂ ᠤᠷᠠᠨ ᠵᠢᠷᠤᠭ ᠵᠡᠷᠭᠡ ᠪᠠᠶᠠᠯᠢᠭ ᠰᠠᠶᠢᠬᠠᠨ ᠬᠢᠴᠢᠶᠡᠯ ᠢ ᠨᠡᠭᠡᠭᠡᠵᠦ᠂ ᠤᠷᠠᠨ ᠪᠢᠴᠢᠯᠭᠡ ᠶᠢᠨ ᠭᠤᠸ᠎ᠠ ᠰᠠᠶᠢᠬᠠᠨ ᠢᠶᠠᠷ ᠢᠶᠠᠨ ᠳᠡᠩᠳᠡᠨ ᠤ ᠵᠠᠮ ᠢ ᠭᠡᠷᠡᠯᠲᠦᠭᠦᠯᠵᠦ᠂ 16 ᠵᠠᠯᠠᠭᠤ ᠪᠠᠭᠠᠴᠤᠳ ᠢ ᠲᠡᠳᠡᠨ ᠠᠪᠴᠢᠷᠠᠵᠤ ᠰᠤᠷᠤᠯᠴᠠᠭᠤᠯᠵᠠᠶ᠃ ︽ᠴᠦᠨ ᠾᠧ ᠰᠤᠷᠭᠠᠭᠤᠯᠢ︾ ᠶᠢᠨ ᠰᠡᠩᠬᠡᠷᠡᠭᠦᠯᠦᠯ ᠪᠠ ᠳᠠᠭᠠᠭᠤᠯᠭ᠎ᠠ ᠪᠠᠷ ᠤᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠬᠥᠳᠡᠯᠦᠯᠴᠡᠪᠡ᠃     ᠪᠠᠭᠠᠷᠢᠨ ᠵᠡᠭᠦᠨ ᠬᠤᠰᠢᠭᠤ   ᠨᠢ ᠪᠥᠬᠦ ᠠᠷᠠᠳ ᠢᠶᠠᠷ ᠢᠶᠠᠨ ᠠᠳᠬᠤᠬᠤ ᠶᠢ ᠪᠠᠷᠢᠮᠲᠠᠯᠠᠵᠤ᠂ ︽ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠠ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠠᠷᠢᠯᠴᠠᠨ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠤᠳᠬ᠎ᠠ ᠤᠷᠠᠯᠢᠭ ᠢ ᠬᠥᠳᠡᠭᠡ ᠪᠠᠭᠤᠯᠭᠠᠬᠤ᠂ ᠬᠥᠳᠡᠭᠡ ᠲᠣᠰᠬᠤᠨ ᠳᠤ ᠺᠢᠨᠣ᠋ ᠭᠠᠷᠭᠠᠬᠤ ᠵᠡᠷᠭᠡ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠪᠣᠬᠢᠷᠲᠤᠯ ᠥᠬᠡᠶ᠂ ᠡᠷᠡᠭᠦᠯ ᠰᠠᠷᠠᠭᠤᠯ᠂ ᠥᠭᠡᠳᠡᠷᠬᠡᠭ ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号