ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/11
     9 ᠰᠠᠷ᠎ᠠ ᠶᠢᠨ 8 ᠤ ᠡᠳᠦᠷ᠂ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠬᠤᠶᠠᠳᠤᠭᠠᠷ ᠬᠤᠷᠠᠯ ᠬᠤᠷᠠᠯᠳᠤᠪᠠ ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠧᠨ ᡁᠢ ᠴᠢᠶᠠᠩ᠂ ᠳᠡᠳ᠋ ᠡᠷᠬᠢᠯᠡᠭᠴᠢ ᠲᠢᠶᠠᠨ ᠼᠠᠢ ᠯᠢ᠂ ᠯᠢ ᠴᠧᠩ ᠭᠦ᠂ ᠯᠢᠦ ᠰᠢᠶᠠᠩ ᠳ᠋ᠦᠩ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠦᠨ ᠾᠧ᠂  ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠩ ᠷᠦᠨ ᠢ᠂  ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢᠦ ᠵᠠᠨ ᠳ᠋ᠦᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ ︵ᠲᠥᠰᠦᠯ︶︾ ᠰᠠᠨᠠᠯ ᠵᠥᠪᠯᠡᠯᠭᠡ ᠶᠢᠨ ᠲᠤᠬᠠᠶ︾ ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶ ︵ᠲᠥᠰᠦᠯ︶︾ ᠶᠢᠨ ᠵᠥᠪᠯᠡᠯᠭᠡ᠂ ︽ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵ᠲᠥᠰᠦᠯ︶︾ ᠶᠢᠨ ᠲᠤᠬᠠᠶ ᠵᠥᠪᠯᠡᠯᠭᠡ᠂ ︽ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵ᠲᠥᠰᠦᠯ︶︾ ᠶᠢᠨ ᠲᠤᠬᠠᠶ ᠵᠥᠪᠯᠡᠯᠭᠡ᠂ ︽ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠵᠢᠨᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠵᠥᠪᠰᠢᠶᠡᠷᠡᠬᠦ ᠲᠤᠬᠠᠶ ᠲᠣᠭᠲᠠᠭᠠᠯ ᠭᠠᠷᠭᠠᠪᠠ᠃ ︽ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ  ᠦᠢᠯᠡᠳᠪᠦᠷᠢ ᠲᠥᠪᠯᠡᠷᠡᠭᠰᠡᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ ᠲᠤᠬᠠᠶ ︵2021 — 2035 ᠣᠨ︶︾ ᠲᠣᠭᠲᠠᠭᠠᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠵᠥᠪᠰᠢᠶᠡᠷᠡᠬᠦ ᠲᠤᠬᠠᠶ ᠲᠣᠭᠲᠠᠭᠠᠯ︾ ︽ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ ᠤ ᠲᠣᠭᠲᠠᠭᠠᠯ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ︽︿ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠠᠵᠤ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ﹀ ᠶᠢᠨ ᠲᠤᠬᠠᠶ ᠲᠣᠭᠲᠠᠭᠠᠯ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ︽︿ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶﹀ ᠶᠢᠨ ᠲᠤᠬᠠᠶ ᠲᠣᠭᠲᠠᠭᠠᠯ ᠢ ᠵᠥᠪᠰᠢᠶᠡᠷᠡᠬᠦ ᠲᠤᠬᠠᠶ ᠲᠣᠭᠲᠠᠭᠠᠯ᠃ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠬᠤᠷᠠᠯ ᠠᠴᠠ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶᠂ ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶᠂ ᠠᠵᠤ ᠦᠢᠯᠡᠰ  ᠤᠨ ᠬᠥᠭᠵᠢᠯᠲᠡ ᠶᠢᠨ ᠲᠥᠯᠥᠪᠵᠢᠭᠦᠯᠭᠡ᠂ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠶᠡᠷᠦᠩᠬᠡᠶ ᠲᠥᠯᠥᠪᠵᠢᠭᠦᠯᠭᠡ ︵2021 — 2035 ᠣᠨ︶ ᠵᠡᠷᠭᠡ 4  ᠵᠦᠢᠯ ᠤᠨ ᠵᠥᠪᠯᠡᠯᠭᠡ ᠶᠢ ᠬᠢᠨᠠᠨ ᠵᠥᠪᠯᠡᠭᠰᠡᠨ ᠪᠥᠭᠡᠳ ᠳᠡᠭᠡᠷᠡᠬᠢ ᠲᠥᠯᠥᠪᠵᠢᠭᠦᠯᠭᠡ ᠶᠢ ᠵᠥᠪᠰᠢᠶᠡᠷᠡᠬᠦ ᠲᠣᠭᠲᠠᠭᠠᠯ ᠭᠠᠷᠭᠠᠵᠠᠶ᠃ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠳᠡᠭᠡᠭᠰᠢ ᠮᠡᠳᠡᠭᠦᠯᠵᠦ ᠬᠢᠨᠠᠨ ᠵᠥᠪᠰᠢᠶᠡᠷᠡᠭᠦᠯᠵᠦ᠂ ᠳᠤᠷᠠᠳᠤᠭᠰᠠᠨ ᠲᠥᠯᠥᠪᠵᠢᠭᠦᠯᠭᠡ ᠶᠢᠨ ᠬᠠᠷᠠᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ  ᠭᠡᠵᠠᠢ᠃ ᠬᠤᠷᠠᠯ ᠠᠴᠠ ᠪᠠᠰᠠ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠶᠠᠷᠢᠯᠴᠠᠵᠤ ᠪᠠᠲᠤᠯᠠᠪᠠ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠪᠣᠯ ᠦᠨᠳᠦᠰᠦᠨ ᠬᠠᠤᠯᠢ᠂ ᠣᠷᠣᠨ ᠨᠤᠲᠤᠭ ᠤᠨ ᠵᠣᠬᠢᠶᠠᠨ ᠪᠠᠶᠢᠭᠤᠯᠬᠤ ᠬᠠᠤᠯᠢ ᠪᠠ ᠬᠢᠨᠠᠯᠲᠠ ᠲᠠᠯᠪᠢᠬᠤ ᠬᠠᠤᠯᠢ ᠠᠴᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠶᠢᠨ ᠨᠢᠭᠡ ᠵᠦᠢᠯ ᠤᠨ ᠴᠢᠬᠤᠯᠠ ᠡᠷᠬᠡ ᠲᠤᠰᠢᠶᠠᠯ ᠮᠥᠨ᠂ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠴᠢᠬᠤᠯᠠ ᠬᠡᠯᠪᠡᠷᠢ ᠮᠥᠨ᠃ ᠬᠤᠷᠠᠯ ᠤᠨ ᠳᠠᠷᠠᠭ᠎ᠠ ᠂ ᠴᠠᠭ ᠲᠤᠬᠠᠶ ᠳᠤᠨᠢ ᠬᠤᠰᠢᠭᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠳᠠᠷᠤᠮᠠᠯᠯᠠᠨ ᠲᠠᠷᠬᠠᠭᠠᠵᠤ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠳᠡᠩᠰᠡᠯᠡᠵᠦ ᠬᠢᠨᠠᠨ ᠪᠠᠶᠢᠴᠠᠭᠠᠬᠤ ᠠᠭᠤᠯᠭ᠎ᠠ ᠪᠠ ᠴᠤᠪᠤᠷᠠᠯ ᠢ ᠲᠣᠳᠣᠷᠬᠠᠶ ᠣᠶᠢᠯᠠᠭᠠᠵᠤ᠂ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠷᠢᠨ ᠪᠡᠯᠡᠳᠬᠡᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠤᠨ ᠠᠯᠪᠠᠨ ᠬᠡᠷ   ᠨᠢ ᠬᠠᠮᠵᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠠᠢ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号