ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠱᠦᠨ ᠢ ᠲᠣᠭᠤᠷᠢᠭ ᠲᠤ ᠬᠦᠷᠴᠦ ᠬᠠᠷᠢᠭᠤ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/9/14
     9 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠱᠦᠨ ᠢ ᠲᠣᠭᠤᠷᠢᠭ ᠲᠤ ᠬᠦᠷᠴᠦ ᠬᠠᠷᠢᠭᠤ ᠰᠤᠷᠪᠤᠯᠵᠢᠯᠠᠭᠰᠠᠨ ᠪᠥᠭᠡᠳ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠢ ᠪᠡᠭᠡᠵᠢᠩ ᠬᠤᠲᠠ ᠶᠢᠨ ᠱᠦᠨ ᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠰᠢᠶᠤᠤ ᠬᠤᠤ ᠡᠷᠭᠢᠯᠡᠵᠦ᠂ ᠱᠦᠨ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠠᠨ ᠯᠢᠨ᠂ ᠱᠦᠨ ᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠹᠤᠩ ᠾᠦᠢ᠂ ᠬᠤᠰᠢᠭᠤᠨ ᠤ ᠤᠳᠤᠷᠢᠳᠤᠯᠭ᠎ᠠ ᠰᠦᠨ ᠶᠠᠨ ᠵᠢᠶᠧ᠂ ᠰᠦ ᠳ᠋ᠦᠩ ᠢᠩ᠂ ᠰᠢᠶᠠᠨ ᠰᠢᠶᠤᠤ ᠨᠠᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠠᠩ ᠶᠠᠨ ᠯᠢᠨ ᠠᠴᠠ 2023 ᠣᠨ ᠤ ᠱᠦᠨ ᠢ ᠲᠣᠭᠤᠷᠢᠭ ᠤᠨ ᠪᠠᠭᠠᠷᠢᠨ ᠵᠡᠭᠦᠨ ᠬᠤᠰᠢᠭᠤ ᠶᠢ ᠬᠠᠪᠰᠤᠷᠤᠨ ᠲᠡᠳᠬᠦᠭᠰᠡᠨ ᠪᠠᠶᠢᠳᠠᠯ ᠢ ᠲᠠᠨᠢᠯᠴᠠᠭᠤᠯᠪᠠ︔ ᠴᠢᠨ ᠬᠤᠸᠠᠢ ᠳ᠋ᠦᠩ ᠬᠤᠶᠠᠷ ᠭᠠᠵᠠᠷ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠪᠡ᠃ ᠴᠢᠨ ᠬᠤᠸᠠᠢ ᠳ᠋ᠦᠩ ᠢᠯᠡᠷᠬᠡᠶᠢᠯᠡᠬᠦ ᠳᠡᠭᠡᠨ᠂ 2011 ᠣᠨ ᠳᠤ ᠱᠦᠨ ᠢ ᠲᠣᠭᠤᠷᠢᠭ ᠪᠠ ᠪᠠᠭᠠᠷᠢᠨ ᠵᠡᠭᠦᠨ ᠬᠤᠰᠢᠭᠤ ᠬᠠᠮᠵᠢᠯᠴᠠᠬᠤ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠱᠦᠨ ᠢ ᠲᠣᠭᠤᠷᠢᠭ ᠪᠡᠭᠡᠵᠢᠩ ᠬᠤᠲᠠ᠂ ᠲᠣᠭᠤᠷᠢᠭ ᠬᠤᠶᠠᠷ ᠱᠠᠲᠤᠨ ᠤ ᠡᠯ᠎ᠡ ᠲᠥᠷᠥᠯ ᠤᠨ ᠬᠠᠪᠰᠤᠷᠤᠨ ᠲᠡᠳᠬᠦᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠠᠯᠢ ᠣᠯᠠᠨ ᠦᠨᠡᠨ ᠪᠣᠳᠠᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠡᠭᠦᠨ ᠬᠤᠰᠢᠭᠤᠨ ᠳᠤ ᠡᠯ᠎ᠡ ᠲᠥᠷᠥᠯ ᠤᠨ ᠪᠠᠯᠠ ᠮᠥᠩᠭᠦ ᠶᠢ ᠨᠡᠶᠢᠲᠡ 5.47 ᠳ᠋ᠦᠩᠰᠢᠭᠤᠷ ᠲᠥᠭᠦᠷᠢᠭ ᠣᠷᠣᠭᠤᠯᠵᠤ᠂ 183 ᠲᠥᠷᠥᠯ ᠵᠦᠢᠯ ᠢ ᠲᠤᠰᠠᠯᠠᠨ ᠪᠠᠶᠢᠭᠤᠯᠵᠤ᠂ ᠪᠠᠭᠠᠷᠢᠨ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ ᠭᠡᠵᠡᠶ᠃ ᠲᠠᠷᠠᠭᠠᠴᠢ ᠶᠢᠨ ᠠᠯᠬᠤᠮ ᠤᠨ ᠠᠵᠢᠯ ᠳᠤ ᠪᠠᠭᠠᠷᠢᠨ ᠵᠡᠭᠦᠨ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠡᠯ᠎ᠡ  ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠷᠭᠦᠯᠵᠢᠯᠡᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠶᠠᠷ ᠭᠠᠵᠠᠷ ᠤᠨ ᠬᠠᠮᠵᠢᠯᠴᠠᠭ᠎ᠠ ᠰᠣᠯᠢᠯᠴᠠᠭ᠎ᠠ ᠶᠢ ᠴᠢᠩᠭᠠᠳᠬᠠᠨ᠂ ᠪᠣᠳᠠᠲᠠᠶ ᠶᠢ ᠡᠷᠬᠢᠮᠯᠡᠬᠦ ᠣᠪᠣᠷ ᠢᠶᠠᠷ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢ ᠲᠦᠷᠭᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠤᠨ᠎ᠠ᠃ ᠡᠭᠦᠨ ᠤ ᠬᠠᠮᠲᠤ᠂ ᠱᠦᠨ ᠢ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠤ ᠠᠬᠤᠶᠢᠯᠠᠯ ᠤᠨ ᠬᠢᠨ ᠪᠠᠭᠠᠷᠢᠨ ᠵᠡᠭᠦᠨ ᠬᠤᠰᠢᠭᠤᠨ ᠳᠤ ᠰᠢᠨᠵᠢᠯᠡᠨ ᠪᠠᠶᠢᠴᠠᠭᠠᠬᠤ ᠬᠠᠮᠵᠢᠯᠴᠠᠨ ᠬᠠᠷᠢᠯᠴᠠᠬᠤ ᠶᠢ ᠴᠢᠩ ᠰᠡᠳᠬᠢᠯ ᠠᠴᠠ ᠪᠠᠨ ᠤᠷᠢᠵᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠰᠦᠪᠡᠭᠴᠢᠯᠡᠶ᠎ᠡ ᠭᠡᠵᠠᠢ᠃     ᠼᠦᠢ ᠰᠢᠶᠤᠤ ᠬᠤᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠥᠷᠨᠢᠭᠦᠯᠬᠦ ᠪᠠ  ᠴᠢᠭ ᠲᠣᠭᠲᠠᠭᠠᠨ ᠬᠠᠪᠰᠤᠷᠤᠨ ᠲᠡᠳᠬᠦᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠭᠤᠣᠯᠳᠠᠭᠤᠯᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠬᠤᠣᠰᠯᠠᠵᠤ ᠬᠠᠪᠰᠤᠷᠤᠨ ᠲᠡᠳᠬᠦᠭᠰᠡᠨ ᠠᠴᠠ ᠨᠠᠰᠢ᠂ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠪ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠯ ᠪᠦᠷᠢ ᠬᠠᠷᠢᠯᠴᠠᠨ ᠠᠶᠢᠯᠴᠢᠯᠠᠵᠤ  ᠬᠠᠮᠵᠢᠯᠴᠠᠨ ᠬᠠᠪᠰᠤᠷᠠᠯᠴᠠᠬᠤ ᠶᠢ ᠪᠠᠷᠢᠮᠲᠠᠯᠠᠵᠤ᠂ ᠭᠦᠨ ᠵᠤᠵᠠᠭᠠᠨ ᠨᠥᠬᠦᠷᠯᠡᠯ ᠢ ᠪᠠᠶᠢᠭᠤᠯᠵᠤ᠂ ᠪᠦᠬᠦ ᠲᠠᠯ᠎ᠠ ᠪᠠᠷ ᠬᠠᠪᠰᠤᠷᠤᠨ ᠲᠡᠳᠬᠦᠬᠦ ᠪᠠᠶᠢᠷᠢᠰᠢᠯ ᠢ ᠪᠦᠷᠢᠯᠳᠦᠭᠦᠯᠵᠡᠢ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠨᠡᠩ ᠶᠡᠭᠡ ᠬᠥᠭᠵᠢᠯᠲᠡ ᠶᠢ ᠪᠡᠶᠡᠯᠡᠭᠦᠯᠵᠦ᠂ ᠨᠡᠩ ᠶᠡᠭᠡ ᠠᠮᠵᠢᠯᠲᠠ ᠤᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠬᠤᠷᠠᠯ ᠤᠨ ᠲᠠᠷᠠᠭ᠎ᠠ᠂ ᠴᠢᠨ ᠬᠤᠸᠠᠢ ᠳ᠋ᠦᠩ ᠨᠡᠷ ᠲᠤᠰ ᠲᠤᠰ ᠱᠦᠨ ᠢ ᠲᠣᠭᠤᠷᠢᠭ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠲᠥᠪ᠂ ᠶᠠ ᠴᠠᠩ ᠰᠣᠶᠣᠯ ᠤᠷᠠᠯᠢᠭ ᠤᠨ ᠲᠥᠪ ᠲᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃       ᠱᠦᠨ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠰᠣᠶᠣᠯ ᠤᠨ ᠵᠢᠭᠤᠯᠴᠢᠯᠠᠯ ᠤᠨ ᠲᠣᠪᠴᠢᠶ᠎ᠠ᠂ ᠾᠧᠦ ᠱᠠ ᠢᠦᠶ ᠪᠠᠯᠭᠠᠰᠤ᠂ ᠶᠠᠨᠵᠢᠩ ᠫᠢᠸᠤ᠋ ᠶᠢᠨ ᠺᠣᠮᠫᠠᠨᠢ ᠵᠡᠷᠭᠡ ᠬᠠᠮᠢᠶ᠎ᠠ ᠪᠥᠬᠦᠶ ᠨᠢᠭᠡᠴᠡ ᠵᠢᠴᠢ ᠮᠠᠨ ᠤ ᠬᠤᠰᠢᠭᠤᠨ ᠤ ᠮᠥᠩᠭᠦᠨ  ᠭᠦᠢᠯᠭᠡᠭᠡᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂  ᠱᠠᠩ ᠵᠢᠩ ᠤᠯᠤᠰ ᠤᠨ ᠥᠮᠴᠢᠯᠡᠯᠲᠦ ᠺᠣᠮᠫᠠᠨᠢ ᠵᠡᠷᠭᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠭᠰᠠᠨ ᠪᠥᠭᠡᠳ ᠬᠤᠷᠠᠯ ᠳᠤ ᠣᠷᠣᠯᠴᠠᠵᠠᠶ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号