ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠢᠯᠴᠢ ᠶᠢᠨ ᠬᠦᠴᠦᠨ ᠤ ᠺᠣᠮᠫᠠᠨᠢ ᠳᠤ ᠬᠦᠷᠴᠦ ᠢᠯᠴᠢ ᠬᠠᠩᠭᠠᠬᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/15
    9 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠤᠷᠢᠳ ᠬᠤᠵᠢᠳ ᠹᠦ᠋ ᠯᠦᠩ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ᠂ ᠰᠢᠨ ᠴᠧᠩ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠳᠤ ᠬᠦᠷᠴᠦ ᠢᠯᠴᠢ ᠬᠠᠩᠭᠠᠬᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ  ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠠᠩ ᠶᠠᠨ ᠪᠥᠸᠧ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠤᠸᠠᠨ ᡁᠢ ᠭᠦᠸᠧ ᠵᠢᠴᠢ ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠷᠧᠨ ᠰᠢ ᠠᠵᠤ ᠠᠬᠤᠶᠢᠯᠠᠯ ᠤᠨ ᠰᠢᠲᠠᠭᠠᠯᠭ᠎ᠠ ᠶᠢᠨ ᠨᠡᠭᠦᠷᠡᠰᠦᠨ ᠤ ᠨᠥᠭᠡᠴᠡ᠂ ᠡᠵᠡᠩᠨᠡᠯᠲᠡ ᠶᠢᠨ ᠪᠠᠶᠢᠳᠠᠯ᠂ ᠢᠯᠴᠢ ᠬᠠᠩᠭᠠᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠷᠧᠨ ᠰᠢ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠷᠢᠳᠴᠢᠯᠠᠨ ᠳᠤᠬᠢᠷᠠᠭᠤᠯᠵᠤ᠂ ᠰᠡᠳᠬᠢᠯ ᠲᠠᠯᠪᠢᠨ ᠳᠤᠯᠠᠭᠠᠯᠭ᠎ᠠ ᠶᠢᠨ ᠪᠠᠲᠤᠯᠠᠪᠤᠷᠢ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠳᠤᠯᠠᠭᠠᠯᠭ᠎ᠠ ᠶᠢᠨ ᠲᠤᠬᠠᠢ ᠵᠦᠢ ᠵᠣᠬᠢᠰᠲᠠᠢ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠰᠢᠢᠳᠪᠦᠷᠢᠯᠡᠬᠦ ᠬᠡᠷᠡᠭᠲᠡᠢ᠃ ᠤᠯᠠᠨ ᠲᠦᠮᠡᠨ ᠤ ᠬᠠᠯᠠᠭᠤᠨ ᠬᠦᠢᠳᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠪᠡᠯᠡᠳᠬᠡᠯ ᠢ ᠭᠦᠢᠴᠡᠳ ᠬᠢᠵᠦ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠪᠠᠲᠤᠯᠠᠭ᠎ᠠ ᠶᠢ ᠪᠣᠳᠠᠲᠠᠢ ᠬᠢᠵᠦ᠂ ᠳᠤᠯᠠᠭᠠᠯᠠᠭ᠎ᠠ ᠬᠠᠩᠭᠠᠬᠤ ᠡᠨᠡᠬᠦ ᠳᠤᠯᠠᠭᠠᠴᠠᠭᠤᠯᠬᠤ ᠢᠨᠵᠧᠨᠧᠷᠢᠩ ᠢ ᠪᠣᠳᠠᠲᠠᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠢᠯᠴᠢ ᠬᠠᠩᠭᠠᠬᠤ ᠠᠵᠤ ᠠᠬᠤᠶᠢᠯᠠᠯ᠂ ᠢᠯᠴᠢ ᠬᠠᠩᠭᠠᠬᠤ ᠥᠷᠲᠡᠭᠡ᠂ ᠰᠠᠭᠤᠭᠠᠯᠢ ᠠᠷᠠᠳ ᠤᠨ ᠬᠡᠷᠡᠭᠯᠡᠭᠴᠢ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠬᠤᠯᠠᠴᠢᠯᠠᠵᠤ᠂ ᠬᠤᠭᠤᠯᠠᠶ ᠲᠣᠤᠷ ᠢ ᠬᠠᠮᠠᠭᠠᠯᠠᠬᠤ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠲᠤᠷᠰᠢᠨ ᠠᠵᠢᠯᠯᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠢᠳᠡᠭᠳᠡᠵᠦ ᠬᠠᠭᠤᠴᠢᠷᠠᠬᠤ᠂ ᠳᠤᠰᠤᠯᠠᠵᠤ ᠭᠤᠭᠤᠵᠢᠬᠤ ᠶᠢ ᠪᠥᠭᠯᠡᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠳᠡᠭᠡᠭᠰᠢᠯᠡᠭᠦᠯᠬᠦ ᠶᠢ ᠥᠨᠳᠥᠷ ᠪᠦᠲᠦᠮᠵᠢᠲᠡᠢ ᠠᠬᠢᠭᠤᠯᠵᠤ᠂ ᠢᠯᠴᠢ ᠬᠠᠩᠭᠠᠬᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ᠂ ᠪᠡᠯᠡᠳᠬᠡᠯ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠯᠠᠬᠤ ᠳᠦᠷᠢᠮᠵᠢᠯ ᠢ ᠴᠢᠩᠭ᠎ᠠ ᠵᠢᠷᠤᠮᠵᠢᠭᠤᠯᠵᠤ᠂ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠠᠷᠢᠯᠭᠠᠵᠤ᠂ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ᠂ ᠲᠥᠬᠦᠭᠡᠷᠦᠮᠵᠢ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠠᠢ  ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号