ᠪᠠᠭᠠᠷᠢᠨ ᠵᠡᠭᠦᠨ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠠᠳᠠ ᠬᠤᠲᠠ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 12 ᠤᠨ ᠡᠳᠦᠷ᠂ ᠪᠠᠭᠠᠷᠢᠨ ᠵᠡᠭᠦᠨ ᠬᠤᠰᠢᠭᠤᠨ ᠤ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠠᠳᠠ ᠬᠤᠲᠠ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠦᠨ ᠶᠠᠨ ᠵᠢᠶᠧ ᠬᠤᠷᠠᠯ ᠢ ᠡᠷᠭᠢᠯᠡᠨ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠽᠦᠩ ᠮᠢᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠦᠨ ᠾᠧ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠡᠯ᠎ᠡ ᠲᠤᠰᠬᠠᠢ ᠲᠦᠷᠦᠯ ᠤᠨ ᠴᠡᠭᠴᠡᠯᠡᠨ ᠥᠭᠡᠷᠡᠴᠢᠯᠡᠬᠦ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠰᠤᠳᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃        ᠰᠦᠨ ᠶᠠᠨ ᠵᠢᠶᠧ ᠠᠴᠠ᠄ ᠳᠠᠷᠠᠭᠠᠴᠢ ᠶᠢᠨ ᠱᠠᠲᠤᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠳᠤ᠂ ᠬᠦᠴᠦ ᠪᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠡᠯ᠎ᠡ ᠲᠤᠰᠬᠠᠢ ᠲᠦᠷᠦᠯ ᠤᠨ ᠴᠡᠭᠴᠡᠯᠡᠨ ᠥᠭᠡᠷᠡᠴᠢᠯᠡᠨ ᠪᠠᠶᠢᠭᠤᠯᠬᠤ ᠠᠵᠢᠯ  ᠤᠨ ᠦᠯᠡᠳᠡᠭᠰᠡᠨ ᠠᠰᠠᠭᠤᠳᠠᠯ ᠳᠤ ᠲᠥᠪᠯᠡᠷᠡᠩᠭᠦᠢ ᠪᠣᠭᠤᠮᠲᠠ ᠰᠢᠪᠲᠤᠯᠬᠤ ᠶᠢ ᠥᠷᠨᠢᠭᠦᠯᠵᠦ᠂ ᠤᠳᠤ ᠶᠢᠨ ᠠᠵᠢᠯ ᠤᠨ ᠠᠷᠭ᠎ᠠ  ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠦᠷᠭᠡᠨ ᠪᠡᠶᠡᠯᠡᠭᠦᠯᠵᠦ᠂ ᠬᠦᠯᠢᠶᠡᠬᠦ ᠦᠭᠡᠢ ᠲᠦᠰᠢᠭᠯᠡᠬᠦ ᠦᠭᠡᠢ᠂ ᠲᠦᠯᠬᠢᠬᠦ ᠦᠭᠡᠢ ᠤᠳᠠᠭᠠᠰᠢᠷᠠᠭᠤᠯᠬᠤ ᠦᠭᠡᠢ᠂ ᠤᠷᠢᠳᠴᠢᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠠᠴᠠ ᠵᠦᠢᠴᠢᠯᠡᠵᠤ ᠨᠦᠬᠦᠭᠡ ᠶᠢ ᠠᠳᠬᠤᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠪᠠᠷᠢᠮᠲᠠᠯᠠᠵᠤ᠂ ᠨᠡᠶᠢᠳᠡᠮ ᠣᠷᠣᠰᠢᠵᠤ ᠪᠠᠶᠢᠭ᠎ᠠ᠂ ᠵᠠᠰᠠᠵᠤ ᠳᠠᠭᠤᠰᠤᠭᠠᠳᠤᠢ᠂ ᠦᠷᠭᠦᠯᠵᠢ ᠲᠠᠬᠢᠨ ᠳᠠᠪᠲᠠᠨ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠱᠠᠭᠠᠷᠳᠠᠨ ᠪᠦᠲᠦᠮᠵᠢᠲᠡᠢ ᠠᠷᠭ᠎ᠠ  ᠬᠡᠮᠵᠢᠶ᠎ᠡ ᠠᠪᠤᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠲᠠᠢ ᠬᠠᠮᠲᠤ ᠳᠤᠨᠢ ᠴᠡᠭᠴᠡᠯᠡᠨ ᠰᠠᠶᠢᠵᠢᠷᠠᠭᠤᠯᠵᠤ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠦᠷ᠎ᠡ ᠪᠦᠲᠦᠭᠡᠯ ᠪᠣᠯᠭᠠᠨ ᠲᠣᠭᠲᠠᠪᠤᠷᠢᠵᠢᠭᠤᠯᠵᠤ᠂ ᠠᠯᠳᠠᠰᠢ ᠭᠠᠷᠬᠤ ᠶᠢ ᠦᠨᠳᠦᠰᠦ ᠰᠤᠷᠪᠤᠯᠵᠢ ᠠᠴᠠ ᠨᠢ ᠬᠤᠷᠢᠭᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ ᠲᠠᠬᠢᠨ ᠢᠯᠡᠷᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠬᠤ ᠶᠢ ᠪᠠᠷᠢᠮᠲᠠᠯᠠᠵᠤ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠬᠥᠳᠡᠯᠦᠩᠭᠦᠢ ᠪᠠᠷ ᠵᠠᠳᠠᠯᠵᠤ᠂ ᠴᠠᠭ ᠲᠤᠬᠠᠢ ᠳᠤᠨᠢ ᠵᠠᠷᠯᠠᠨ ᠮᠡᠳᠡᠭᠳᠡᠵᠦ ᠬᠠᠷᠢᠭᠤ ᠲᠤᠰᠬᠠᠵᠤ᠂ ᠡᠯ᠎ᠡ ᠲᠤᠰᠬᠠᠢ ᠲᠦᠷᠦᠯ ᠤᠨ ᠴᠡᠭᠴᠡᠯᠡᠨ ᠥᠭᠡᠷᠡᠴᠢᠯᠡᠨ ᠪᠠᠶᠢᠭᠤᠯᠬᠤ ᠠᠵᠢᠯ ᠤᠨ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠶᠢ ᠱᠠᠯᠠᠪᠳᠠᠭᠤᠯᠤᠨ ᠵᠢᠯᠣᠭᠤᠳᠴᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠨᠢᠭᠡ  ᠪᠤᠯ ᠨᠢᠭᠡ ᠶᠢ ᠨᠢ ᠬᠠᠰᠤᠬᠤ ᠶᠢ ᠦᠨᠡᠨᠬᠦ ᠪᠠᠲᠤᠯᠠᠬᠤ ᠬᠡᠷᠡᠭᠲᠡᠢ  ᠭᠡᠵᠠᠢ᠃        ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号