ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ  ᠬᠡᠷᠡᠭᠵᠢᠭᠦᠯᠦᠯᠳᠡ ᠶᠢᠨ ᠪᠠᠶᠢᠴᠠᠭᠠᠯᠳᠠ ᠬᠢᠭᠰᠡᠨ ᠨᠢ
ᠨᠡᠶᠢᠲᠡᠯᠡᠭᠰᠡᠨ ᠴᠠᠭ᠄
2023/9/19
   9 ᠰᠠᠷ᠎ᠠ ᠶᠢᠨ 17᠎ ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠲᠢᠶᠠᠨ ᠼᠠᠢ ᠯᠢ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠰᠢᠶᠤᠤ ᠬᠤᠶ ᠪᠠᠷ᠎ᠠ ᠪᠣᠯᠵᠣ ᠪᠠᠶᠢᠴᠠᠭᠠᠪᠠ᠃     ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠯᠢᠨᠳᠦ᠋ᠩ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠤᠯᠠᠭᠠᠨᠬᠠᠳᠠ ᠬᠤᠳᠠ ᠶᠢᠨ ᠬᠤᠸᠠᠰᠢᠶᠠ ᠠᠵᠢᠯ ᠮᠡᠷᠭᠡᠵᠢᠯ ᠤᠨ ᠰᠤᠷᠭᠠᠭᠤᠯᠢ᠂ ᠪᠠᠭᠠᠷᠢᠨ ᠵᠡᠭᠦᠨ ᠬᠤᠰᠢᠭᠤᠨ ᠤ  ᠪᠧᠨ ᠳ᠋ᠠ ᠮᠠᠯ ᠠᠵᠤ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠬᠤᠸᠠ ᡁᠢ ᠠᠵᠢᠯ ᠮᠡᠷᠭᠡᠵᠢᠯ ᠤᠨ ᠤᠳᠤ ᠦᠶ᠎ᠡ ᠶᠢᠨ ᠲᠠᠷᠢᠶᠠᠯᠠᠩ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠵᠡᠷᠭᠡ ᠭᠠᠵᠠᠷ ᠢᠶᠠᠷ ᠬᠦᠷᠴᠦ ᠪᠠᠶᠢᠴᠠᠭᠠᠨ ᠦᠵᠡᠪᠡ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠬᠢᠴᠢᠶᠡᠯ ᠤᠨ ᠪᠠᠶᠢᠷᠢᠯᠠᠭᠤᠯᠤᠯᠲᠠ᠂ ᠡᠬᠢ ᠪᠠᠶᠠᠯᠢᠭ ᠤᠨ ᠬᠤᠪᠢᠶᠠᠷᠢᠯᠠᠯᠲᠠ ᠵᠡᠷᠭᠡ ᠪᠠᠶᠢᠳᠠᠯ ᠢ ᠣᠶᠢᠯᠠᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠲᠠᠷᠠᠭ᠎ᠠ ᠨᠢ ᠶᠠᠷᠢᠯᠴᠠᠬᠤ ᠬᠤᠷᠠᠯ ᠳᠡᠭᠡᠷ᠎ᠡ᠂ ᠲᠢᠶᠠᠨ ᠰᠢᠶᠤᠤ ᠬᠤᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ᠃     ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾᠎ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠣᠳᠣᠬᠠᠨ ᠳᠤ  ᠮᠠᠨ ᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠠᠵᠢᠯ ᠮᠡᠷᠭᠡᠵᠢᠯ ᠤᠨ ᠰᠤᠷᠭᠠᠭᠤᠯᠢ ᠶᠢᠨ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ︾᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ︽ᠬᠡᠶᠢᠰᠪᠦᠷᠢ ᠵᠦᠢᠯ ᠢ ᠡᠷᠬᠢᠮᠯᠡᠬᠦ︾᠂ ᠠᠵᠢᠯ ᠣᠯᠭᠤᠯᠲᠠ ᠶᠢᠨ ᠡᠬᠢ ᠪᠠᠶᠠᠯᠢᠭ ᠤᠨ ︽ᠳᠤᠲᠠᠭᠳᠠᠬᠤ︾᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠶᠢᠨ ᠢᠷᠡᠯᠲᠡ ᠶᠢᠨ ︽ᠪᠠᠭᠠᠰᠬᠤ︾ ᠪᠠ ︽ᠡᠩ ᠤᠨ ᠰᠤᠷᠭᠠᠨ ᠬᠥᠮᠦᠵᠢᠯ ᠢ ᠴᠢᠬᠤᠯᠠᠴᠢᠯᠠᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠩᠭᠡᠪᠴᠢᠯᠡᠬᠦ︾ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠲᠣᠳᠣᠷᠬᠠᠶ ᠲᠠᠨᠢᠬᠤ ᠬᠡᠷᠡᠭᠲᠡᠶ᠃ ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠬᠤᠯᠪᠣᠭᠳᠠᠯ ᠪᠦᠭᠦᠢ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠡᠷᠭᠢᠯᠡᠭᠦ ᠶᠢ ᠪᠣᠳᠠᠲᠠᠶᠢᠵᠢᠭᠤᠯᠵᠤ᠂ ᠲᠡᠷᠢᠭᠦᠨ ᠤ ᠰᠤᠷᠭᠠᠭᠤᠯᠢ ᠡᠷᠭᠢᠯᠡᠭᠦ ᠦᠵᠡᠯᠲᠡ᠂ ᠬᠠᠮᠢᠶᠠᠷᠤᠯᠲᠠ ᠶᠢᠨ ᠲᠤᠷᠰᠢᠯᠭ᠎ᠠ ᠵᠢᠴᠢ ᠬᠢᠴᠢᠶᠡᠯ ᠤᠨ ᠰᠢᠰᠲ᠋ᠧᠮ ᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠠᠢ᠃     ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠵᠢᠯ ᠣᠯᠭᠤᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠵᠤ᠂ ᠪᠡᠭᠡᠵᠢᠩ ᠤᠨ ᠳᠡᠭᠡᠳᠦ ᠰᠤᠷᠭᠠᠭᠤᠯᠢ ᠶᠢᠨ ᠬᠤᠷᠰᠢᠭᠰᠠᠨ ᠠᠵᠤ ᠠᠬᠤᠶᠢᠯᠠᠯ ᠪᠣᠯᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠡᠯᠪᠡᠭ ᠪᠠᠶᠠᠯᠢᠭ ᠡᠬᠢ ᠪᠠᠶᠠᠯᠢᠭ ᠢ ᠰᠠᠶᠢᠲᠤᠷ ᠠᠰᠢᠭᠯᠠᠨ᠂ ᠠᠵᠢᠯ ᠣᠯᠭᠤᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠭᠡᠷ ᠤᠨ ᠠᠬᠠᠮᠠᠳ ᠪᠣᠯᠤᠨ ᠪᠦᠬᠦ᠋ᠢᠯᠡ ᠨᠡᠶᠢᠭᠡᠮ ᠤᠨ ᠬᠡᠪᠰᠢᠮᠡᠯ ᠰᠠᠭᠤᠭᠳᠠᠯ ᠢ ᠬᠤᠪᠢᠷᠠᠭᠤᠯᠬᠤ ᠬᠡᠷᠡᠭᠲᠡᠶ᠃ ᠰᠤᠷᠭᠠᠭᠤᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ ᠡᠬᠢ ᠪᠠᠶᠠᠯᠢᠭᠵᠢᠯᠲᠠ ᠶᠢ ᠠᠬᠢᠭᠤᠯᠵᠤ᠂ ᠮᠠᠨ ᠤ ᠬᠤᠰᠢᠭᠤᠨ ᠤ ᠰᠤᠷᠤᠭᠴᠢᠳ ᠤᠨ ᠥᠰᠥᠯᠲᠡ ᠪᠤᠶᠢᠵᠢᠯᠲᠠ ᠪᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ︽ᠬᠤᠤᠰ ᠠᠮᠵᠢᠯᠲᠠ︾᠎ ᠶᠢ ᠪᠡᠶᠡᠯᠡᠭᠦᠯᠵᠦ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠬᠡᠶᠢᠰᠪᠦᠷᠢ ᠪᠠᠶᠢᠭᠰᠠᠨ ᠠᠴᠠ ᠪᠣᠳᠠᠲᠠᠶᠢᠵᠢᠭᠤᠯᠤᠨ ᠪᠦᠲᠦᠮᠵᠢᠲᠡᠶ ᠬᠤᠪᠢᠷᠠᠭᠤᠯᠬᠤ ᠬᠡᠷᠡᠭᠲᠡᠶ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠭᠡᠮ ᠤᠨ ᠬᠠᠮᠵᠢᠯᠴᠠᠭᠠᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠠᠵᠤ ᠦᠢᠯᠡᠳᠪᠦᠷᠢ ᠪᠠ ᠰᠤᠷᠭᠠᠭᠤᠯᠢ  ᠠᠵᠤ ᠠᠬᠤᠶᠢᠯᠠᠯ ᠬᠠᠷᠢᠯᠴᠠᠨ ᠬᠥᠳᠡᠯᠦᠯᠴᠡᠬᠦ᠂ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠤᠶᠠᠯᠳᠤᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号