ᠡᠭᠡᠴᠢ ᠥᠬᠢᠨ ᠳᠡᠭᠦᠦ ᠰᠡᠳᠬᠢᠯ ᠨᠢᠭᠡᠳᠦᠨ ᠬᠠᠮᠲᠤ ᠪᠠᠷ ᠦᠰᠦᠨ ᠪᠤᠶᠢᠵᠢᠨ᠎ᠠ — ᠪᠠᠷᠠᠭᠤᠨ ᠬᠤᠳᠠ ᠵᠡᠭᠡᠯᠢ ᠂ ᠬᠢᠳᠠᠨ ᠵᠡᠭᠡᠯᠢ ᠶᠢᠨ ᠨᠡᠶᠢᠭᠡᠮ ᠲᠣᠭᠤᠷᠢᠭ  ᠨᠢ ᠡᠭᠡᠴᠢ ᠥᠬᠢᠨ ᠳᠡᠭᠦᠦ ᠬᠠᠮᠲᠤ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠶᠢ ᠡᠭᠦᠳᠴᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/19
    ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠠᠭᠤᠯᠤᠭᠳᠠᠬᠤᠨ ᠢ ᠭᠦᠨᠵᠡᠭᠡᠶᠢᠷᠡᠭᠦᠯᠦᠨ᠎ᠡ᠃ ᠣᠶᠢᠷ᠎ᠠ ᠳᠤ᠂ ᠪᠠᠷᠠᠭᠤᠨ ᠬᠤᠲᠠ ᠵᠡᠭᠡᠯᠢ ᠭᠤᠳᠤᠮᠵᠢ  ᠪᠠ ᠬᠢᠳᠠᠨ ᠵᠡᠭᠡᠯᠢ ᠶᠢᠨ ᠨᠡᠶᠢᠭᠡᠮ ᠲᠣᠭᠤᠷᠢᠭ ᠬᠢᠭᠡᠳ ᠰᠦᠩᠱᠠᠨ ᠲᠣᠭᠤᠷᠢᠭ ᠤᠨ ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠡᠭᠡᠴᠢ ᠥᠬᠢᠨ ᠳᠡᠭᠦᠤ ᠶᠢᠨ ᠨᠡᠶᠢᠭᠡᠮ ᠲᠣᠭᠤᠷᠢᠭ ᠬᠠᠮᠲᠤ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠶᠢ ᠡᠭᠦᠳᠴᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠨᠡᠶᠢᠭᠡᠮ ᠲᠣᠭᠤᠷᠢᠭ ᠤᠨ ᠬᠢᠨ ᠥᠪᠡᠷ ᠥᠪᠡᠷ ᠤᠨ ᠦᠨᠳᠦᠰᠦᠨ ᠪᠠᠶᠢᠳᠠᠯ᠂ ᠤᠨᠴᠠᠯᠢᠬᠳᠤ ᠪᠠᠶᠢᠷᠢ ᠲᠣᠭᠲᠠᠭᠠᠯᠲᠠ ᠪᠣᠯᠤᠨ ᠡᠨᠡ ᠵᠢᠯ ᠤᠨ ᠬᠢᠯᠠᠰ ᠴᠡᠭ᠂ ᠭᠤᠣᠯᠳᠠᠯᠭ᠎ᠠ ᠲᠠᠢ ᠠᠵᠢᠯ ᠢᠶᠠᠨ ᠲᠤᠰ ᠲᠤᠰ ᠲᠠᠨᠢᠯᠴᠠᠭᠤᠯᠤᠭᠰᠠᠨ ᠪᠥᠭᠡᠳ ᠬᠠᠷᠢᠯᠴᠠᠨ ᠰᠤᠷᠤᠯᠴᠠᠵᠥ ᠬᠠᠷᠢᠯᠴᠠᠨ ᠲᠤᠯᠢ ᠪᠣᠯᠭᠠᠬᠤ ᠶᠢ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠬᠦ᠂ ᠬᠠᠮᠲᠤ ᠶᠢᠨ ᠲᠠᠪᠰᠢᠯᠳᠠ ᠶᠢ ᠪᠡᠶᠡᠯᠡᠭᠦᠯᠬᠦ ᠲᠤᠬᠠᠢ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠪᠠ᠃ ᠪᠠᠭᠠᠷᠢᠨ ᠵᠡᠭᠦᠨ ᠬᠤᠰᠢᠭᠤᠨ ᠤ ᠪᠠᠷᠠᠭᠤᠨ ᠬᠤᠲᠠ ᠵᠡᠭᠡᠯᠢ ᠶᠢᠨ ᠬᠢᠳᠠᠨ ᠵᠡᠭᠡᠯᠢ ᠶᠢᠨ ᠨᠡᠶᠢᠭᠡᠮ ᠲᠣᠭᠤᠷᠢᠭ ᠨᠢ ᠰᠦᠩᠱᠠᠨ ᠲᠣᠭᠤᠷᠢᠭ ᠤᠨ ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠤ ᠵᠢᠶᠠ ᠶᠤᠸᠠᠨ ᠨᠡᠶᠢᠭᠡᠮ ᠲᠣᠭᠤᠷᠢᠭ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠵᠠᠢ᠃      ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠬᠤᠶᠠᠷ ᠨᠡᠶᠢᠭᠡᠮ ᠲᠣᠭᠤᠷᠢᠭ ᠤᠨ ᠬᠢᠨ ᠨᠢᠭᠡ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠤᠯᠠᠭᠠᠨ ᠠᠨᠠᠷ ᠤᠨ ᠠᠭᠤᠳᠠᠮ ᠲᠠᠯᠠᠪᠠᠢ᠂ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠤᠨ ᠨᠢᠭᠡ ᠦᠷᠳᠡᠭᠡ ᠮᠠᠶ᠋ᠢᠭ ᠤᠨ ᠦᠢᠯᠡᠴᠢᠯᠡᠭᠡᠨ ᠤ ᠶᠡᠭᠡ ᠲᠢᠩᠬᠢᠮ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠨᠠᠮ ᠤᠨ ᠭᠡᠰᠢᠭᠦᠨ ᠤ ᠠᠵᠢᠯᠯᠠᠭᠠᠨ ᠤ ᠦᠷᠳᠡᠭᠡ᠂ ᠨᠡᠶᠢᠭᠡᠮ ᠲᠣᠭᠤᠷᠢᠭ ᠤᠨ ᠬᠤᠭᠤᠷᠣᠨᠳᠣ ᠪᠠᠨ ᠦᠨᠳᠦᠰᠦᠲᠡᠨ ᠤ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ︽ᠠᠭᠤᠯᠵᠠᠯᠲᠠ ᠶᠢᠨ ᠪᠡᠯᠡᠭ︾ ᠢ ᠬᠠᠷᠢᠯᠴᠠᠨ ᠬᠦᠷᠭᠡᠪᠡ᠃      ᠲᠣᠰ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠠᠯᠠᠨ ᠰᠢᠨ᠎ᠡ ᠶᠢ ᠡᠭᠦᠳᠴᠦ ᠬᠠᠮᠲᠤ ᠪᠠᠷ ᠪᠠᠶᠢᠭᠤᠯᠬᠤ ᠠᠵᠢᠯᠯᠠᠭ᠎ᠠ ᠨᠢ ᠬᠤᠲᠠ ᠠᠯᠤᠰᠯᠠᠭᠰᠠᠨ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠠᠶᠢᠨ ᠡᠬᠢᠯᠡᠯᠲᠡ ᠶᠢ ᠪᠡᠶᠡᠯᠡᠭᠦᠯᠵᠦ᠂ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠬᠦᠴᠦᠲᠡᠶ ᠬᠦᠴᠦᠨ ᠨᠡᠮᠡᠷᠢᠯᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠢᠳᠠᠨ ᠵᠡᠭᠡᠯᠢ ᠶᠢᠨ ᠨᠡᠶᠢᠭᠡᠮ ᠲᠣᠭᠤᠷᠢᠭ ︽ᠡᠷᠬᠡ ᠲᠡᠭᠰᠢ ᠪᠠᠷ ᠬᠠᠮᠲᠤᠷᠠᠯᠴᠠᠬᠤ᠂ ᠠᠭᠤᠰᠤᠯᠴᠠᠨ ᠬᠥᠭᠵᠢᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠦᠨᠡᠨᠴᠢ ᠢᠲᠡᠭᠡᠮᠵᠢᠲᠡᠢ ᠪᠠᠶᠢᠬᠤ︾ ᠪᠠᠷ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠰᠠᠭᠤᠷᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠵᠡᠷᠭᠡ ᠲᠠᠯ᠎ᠠ ᠪᠠᠷ ᠤᠯᠠᠨ ᠬᠡᠯᠪᠡᠷᠢ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠬᠢᠨ᠎ᠠ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号