ᠪᠠᠶ᠋ᠬᠠᠠᠭᠤᠯᠠ ᠪᠠᠯᠭᠠᠰᠤ  ᠨᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/19
    ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢ ᠴᠢᠩᠭᠠᠳᠬᠠᠵᠤ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠤᠢᠢᠷ᠎ᠠ ᠳᠤ᠂ ᠪᠠᠶ᠋ᠬᠠᠠᠭᠤᠯᠠ ᠪᠠᠯᠭᠠᠰᠤ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠠᠮᠲᠤᠷᠠᠭᠰᠠᠨ ᠪᠠᠯᠭᠠᠰᠤᠨ ᠤ ᠡᠪᠯᠡᠯ ᠤᠨ ᠬᠤᠷᠢᠶ᠎ᠠ᠂ ᠬᠠᠤᠯᠢ ᠴᠠᠭᠠᠵᠠ ᠶᠢᠨ ᠭᠠᠵᠠᠷ  ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠢ ᠪᠠᠲᠤ ᠴᠡᠭᠡᠵᠢᠯᠡᠭᠦᠯᠵᠡᠢ᠃      ᠠᠵᠢᠯᠯᠠᠭ᠎ᠠ ᠠᠴᠠ ᠡᠮᠦᠨ᠎ᠡ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ᠂ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ︽ᠳᠥᠷᠪᠡ ᠶᠢ ᠪᠠᠷᠢᠮᠲᠠᠯᠠᠬᠤ︾ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠭᠤᠯᠵᠠᠶ᠃      ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠴᠤᠭᠯᠠᠭ᠎ᠠ ᠮᠠᠶᠢᠮᠠᠶ ᠳᠤ ᠣᠷᠣᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠰᠦᠯᠵᠢᠶᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠯᠲᠠ ᠬᠢᠵᠦ᠂ ᠣᠯᠠᠨ ᠳᠤ ᠬᠤᠪᠢ ᠬᠥᠮᠦᠨ ᠤ ᠨᠢᠭᠤᠴᠠ ᠪᠠᠨ ᠰᠠᠶᠢᠲᠤᠷ ᠬᠠᠮᠠᠭᠠᠯᠠᠵᠤ᠂ ︽ᠤᠯᠤᠰ ᠤᠨ ᠮᠡᠬᠡᠯᠡᠯ ᠢ ᠡᠰᠡᠷᠭᠦᠴᠡᠬᠦ APP︾ ᠤᠭᠰᠠᠷᠠᠵᠤ᠂ ᠡᠯ᠎ᠡ ᠵᠦᠢᠯ ᠤᠨ ᠮᠡᠬᠡᠯᠡᠯ ᠤᠨ ᠠᠷᠭ᠎ᠠ ᠪᠠᠷᠢᠯ ᠢ ᠰᠡᠷᠭᠡᠶᠢᠯᠡᠬᠦ ᠶᠢ ᠰᠠᠨᠠᠭᠤᠯᠪᠠ᠃ ᠥᠷᠭᠡᠨ ᠤᠯᠠᠨ ᠮᠠᠯᠴᠢᠨ ᠲᠠᠷᠢᠶᠠᠴᠢᠨ ᠤᠯᠠᠨ ᠲᠦᠮᠡᠨ ᠴᠤᠤᠷᠬᠠᠯ ᠢ ᠢᠲᠡᠭᠡᠬᠦ ᠦᠭᠡᠢ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠢᠳᠡᠪᠬᠢᠲᠡᠢ ᠪᠠᠷ ᠰᠠᠨᠠᠭᠠᠴᠢᠯᠠᠵᠤ᠂ ᠰᠦᠯᠵᠢᠶᠡᠨ ᠤ ᠢᠳᠡᠪᠬᠢ ᠬᠦᠴᠦᠨ ᠢ  ᠤᠯᠠᠮᠵᠢᠯᠠᠵᠠᠢ᠃      ᠰᠦᠯᠵᠢᠶᠡᠨ ᠤ ᠠᠮᠤᠷ ᠲᠦᠪᠰᠢᠨ ᠪᠣᠯ ᠠᠷᠠᠳ ᠲᠦᠮᠡᠨ ᠤ ᠲᠥᠯᠥᠭᠡ ᠶᠤᠮ᠂ ᠰᠦᠯᠵᠢᠶᠡᠨ ᠤ ᠠᠮᠤᠷ ᠲᠦᠪᠰᠢᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠨᠢ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶᠡᠨ ᠳᠤ ᠭᠠᠷᠬᠤ ᠤᠬᠠᠮᠰᠠᠷ ᠢ ᠴᠢᠩᠭᠠᠷᠠᠭᠤᠯᠵᠠᠶ᠃ ᠲᠠᠷᠠᠭᠠᠴᠢ ᠶᠢᠨ ᠠᠯᠬᠤᠮ ᠳᠤ᠂ ᠪᠠᠶ᠋ᠬᠠᠠᠭᠤᠯᠠ ᠪᠠᠯᠭᠠᠰᠤ ᠨᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠬᠡᠯᠪᠡᠷᠢ ᠪᠠᠷ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠣᠶᠢᠯᠠᠭᠠᠭᠳᠠᠬᠤᠨ ᠢ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠤ ᠢᠳᠡᠪᠬᠢ ᠬᠦᠴᠦᠨ ᠤ ᠤᠯᠠᠮᠵᠢᠯᠠᠭᠴᠢ᠂  ᠦᠢᠯᠡᠳᠦᠯᠭᠡᠵᠢᠭᠦᠯᠦᠭᠴᠢ᠂ ᠪᠠᠳᠠᠷᠠᠭᠤᠯᠤᠭᠴᠢ ᠪᠣᠯᠬᠤ ᠪᠠᠷ ᠴᠢᠷᠮᠠᠶᠢᠵᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃
   
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号