ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ  ᠬᠡᠷᠡᠭᠵᠢᠭᠦᠯᠦᠯᠳᠡ ᠶᠢᠨ ᠪᠠᠶᠢᠴᠠᠭᠠᠯᠳᠠ ᠬᠢᠭᠰᠡᠨ ᠨᠢ
ᠨᠡᠶᠢᠲᠡᠯᠡᠭᠰᠡᠨ ᠴᠠᠭ᠄
2023/9/19
   9 ᠰᠠᠷ᠎ᠠ ᠶᠢᠨ 17 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠲᠢᠶᠠᠨ ᠼᠠᠢ ᠯᠢ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠰᠢᠶᠤᠤ ᠬᠤᠶ ᠪᠠᠷ᠎ᠠ ᠪᠣᠯᠵᠣ ᠪᠠᠶᠢᠴᠠᠭᠠᠪᠠ᠃     ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠯᠢᠨᠳᠦ᠋ᠩ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠤᠯᠠᠭᠠᠨᠬᠠᠳᠠ ᠬᠤᠳᠠ ᠶᠢᠨ ᠬᠤᠸᠠᠰᠢᠶᠠ ᠠᠵᠢᠯ ᠮᠡᠷᠭᠡᠵᠢᠯ ᠤᠨ ᠰᠤᠷᠭᠠᠭᠤᠯᠢ᠂ ᠪᠠᠭᠠᠷᠢᠨ ᠵᠡᠭᠦᠨ ᠬᠤᠰᠢᠭᠤᠨ ᠤ  ᠪᠧᠨ ᠳ᠋ᠠ ᠮᠠᠯ ᠠᠵᠤ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠬᠤᠸᠠ ᡁᠢ ᠠᠵᠢᠯ ᠮᠡᠷᠭᠡᠵᠢᠯ ᠤᠨ ᠤᠳᠤ ᠦᠶ᠎ᠡ ᠶᠢᠨ ᠲᠠᠷᠢᠶᠠᠯᠠᠩ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠵᠡᠷᠭᠡ ᠭᠠᠵᠠᠷ ᠢᠶᠠᠷ ᠬᠦᠷᠴᠦ ᠪᠠᠶᠢᠴᠠᠭᠠᠨ ᠦᠵᠡᠪᠡ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠬᠢᠴᠢᠶᠡᠯ ᠤᠨ ᠪᠠᠶᠢᠷᠢᠯᠠᠭᠤᠯᠤᠯᠲᠠ᠂ ᠡᠬᠢ ᠪᠠᠶᠠᠯᠢᠭ ᠤᠨ ᠬᠤᠪᠢᠶᠠᠷᠢᠯᠠᠯᠲᠠ ᠵᠡᠷᠭᠡ ᠪᠠᠶᠢᠳᠠᠯ ᠢ ᠣᠶᠢᠯᠠᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠲᠠᠷᠠᠭ᠎ᠠ ᠨᠢ ᠶᠠᠷᠢᠯᠴᠠᠬᠤ ᠬᠤᠷᠠᠯ ᠳᠡᠭᠡᠷ᠎ᠡ᠂ ᠲᠢᠶᠠᠨ ᠰᠢᠶᠤᠤ ᠬᠤᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ᠃     ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠣᠳᠣᠬᠠᠨ ᠳᠤ  ᠮᠠᠨ ᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠠᠵᠢᠯ ᠮᠡᠷᠭᠡᠵᠢᠯ ᠤᠨ ᠰᠤᠷᠭᠠᠭᠤᠯᠢ ᠶᠢᠨ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ︾᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ︽ᠬᠡᠶᠢᠰᠪᠦᠷᠢ ᠵᠦᠢᠯ ᠢ ᠡᠷᠬᠢᠮᠯᠡᠬᠦ︾᠂ ᠠᠵᠢᠯ ᠣᠯᠭᠤᠯᠲᠠ ᠶᠢᠨ ᠡᠬᠢ ᠪᠠᠶᠠᠯᠢᠭ ᠤᠨ ︽ᠳᠤᠲᠠᠭᠳᠠᠬᠤ︾᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠶᠢᠨ ᠢᠷᠡᠯᠲᠡ ᠶᠢᠨ ︽ᠪᠠᠭᠠᠰᠬᠤ︾ ᠪᠠ ︽ᠡᠩ ᠤᠨ ᠰᠤᠷᠭᠠᠨ ᠬᠥᠮᠦᠵᠢᠯ ᠢ ᠴᠢᠬᠤᠯᠠᠴᠢᠯᠠᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠩᠭᠡᠪᠴᠢᠯᠡᠬᠦ︾ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠲᠣᠳᠣᠷᠬᠠᠶ ᠲᠠᠨᠢᠬᠤ ᠬᠡᠷᠡᠭᠲᠡᠶ᠃ ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠬᠤᠯᠪᠣᠭᠳᠠᠯ ᠪᠦᠭᠦᠢ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠡᠷᠭᠢᠯᠡᠭᠦ ᠶᠢ ᠪᠣᠳᠠᠲᠠᠶᠢᠵᠢᠭᠤᠯᠵᠤ᠂ ᠲᠡᠷᠢᠭᠦᠨ ᠤ ᠰᠤᠷᠭᠠᠭᠤᠯᠢ ᠡᠷᠭᠢᠯᠡᠭᠦ ᠦᠵᠡᠯᠲᠡ᠂ ᠬᠠᠮᠢᠶᠠᠷᠤᠯᠲᠠ ᠶᠢᠨ ᠲᠤᠷᠰᠢᠯᠭ᠎ᠠ ᠵᠢᠴᠢ ᠬᠢᠴᠢᠶᠡᠯ ᠤᠨ ᠰᠢᠰᠲ᠋ᠧᠮ ᠢ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠠᠢ᠃     ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠵᠢᠯ ᠣᠯᠭᠤᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠵᠤ᠂ ᠪᠡᠭᠡᠵᠢᠩ ᠤᠨ ᠳᠡᠭᠡᠳᠦ ᠰᠤᠷᠭᠠᠭᠤᠯᠢ ᠶᠢᠨ ᠬᠤᠷᠰᠢᠭᠰᠠᠨ ᠠᠵᠤ ᠠᠬᠤᠶᠢᠯᠠᠯ ᠪᠣᠯᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠡᠯᠪᠡᠭ ᠪᠠᠶᠠᠯᠢᠭ ᠡᠬᠢ ᠪᠠᠶᠠᠯᠢᠭ ᠢ ᠰᠠᠶᠢᠲᠤᠷ ᠠᠰᠢᠭᠯᠠᠨ᠂ ᠠᠵᠢᠯ ᠣᠯᠭᠤᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠭᠡᠷ ᠤᠨ ᠠᠬᠠᠮᠠᠳ ᠪᠣᠯᠤᠨ ᠪᠦᠬᠦ᠋ᠢᠯᠡ ᠨᠡᠶᠢᠭᠡᠮ ᠤᠨ ᠬᠡᠪᠰᠢᠮᠡᠯ ᠰᠠᠭᠤᠭᠳᠠᠯ ᠢ ᠬᠤᠪᠢᠷᠠᠭᠤᠯᠬᠤ ᠬᠡᠷᠡᠭᠲᠡᠶ᠃ ᠰᠤᠷᠭᠠᠭᠤᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ ᠡᠬᠢ ᠪᠠᠶᠠᠯᠢᠭᠵᠢᠯᠲᠠ ᠶᠢ ᠠᠬᠢᠭᠤᠯᠵᠤ᠂ ᠮᠠᠨ ᠤ ᠬᠤᠰᠢᠭᠤᠨ ᠤ ᠰᠤᠷᠤᠭᠴᠢᠳ ᠤᠨ ᠥᠰᠥᠯᠲᠡ ᠪᠤᠶᠢᠵᠢᠯᠲᠠ ᠪᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ︽ᠬᠤᠤᠰ ᠠᠮᠵᠢᠯᠲᠠ︾ ᠶᠢ ᠪᠡᠶᠡᠯᠡᠭᠦᠯᠵᠦ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠬᠡᠶᠢᠰᠪᠦᠷᠢ ᠪᠠᠶᠢᠭᠰᠠᠨ ᠠᠴᠠ ᠪᠣᠳᠠᠲᠠᠶᠢᠵᠢᠭᠤᠯᠤᠨ ᠪᠦᠲᠦᠮᠵᠢᠲᠡᠶ ᠬᠤᠪᠢᠷᠠᠭᠤᠯᠬᠤ ᠬᠡᠷᠡᠭᠲᠡᠶ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠭᠡᠮ ᠤᠨ ᠬᠠᠮᠵᠢᠯᠴᠠᠭᠠᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠠᠵᠤ ᠦᠢᠯᠡᠳᠪᠦᠷᠢ ᠪᠠ ᠰᠤᠷᠭᠠᠭᠤᠯᠢ  ᠠᠵᠤ ᠠᠬᠤᠶᠢᠯᠠᠯ ᠬᠠᠷᠢᠯᠴᠠᠨ ᠬᠥᠳᠡᠯᠦᠯᠴᠡᠬᠦ᠂ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠤᠶᠠᠯᠳᠤᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号