ᠪᠠᠭᠠᠷᠢᠨ ᠵᠡᠭᠦᠨ ᠬᠤᠰᠢᠭᠤᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ ᠶᠢᠨ ᠡᠬᠢᠯᠡᠯᠲᠡ ᠶᠢᠨ ᠶᠤᠰᠣᠯᠠᠯ ᠶᠠᠪᠤᠬᠳᠠᠭᠤᠯᠤᠬᠰᠠᠨ ᠨᠢ
ᠨᠡᠶᠢᠲᠡᠯᠡᠭᠰᠡᠨ ᠴᠠᠭ᠄
2023/9/19
    9 ᠰᠠᠷ᠎ᠠ ᠶᠢᠨ 16 ᠤ ᠡᠳᠦᠷ᠂ ᠪᠠᠭᠠᠷᠢᠨ ᠵᠡᠭᠦᠨ ᠬᠤᠰᠢᠭᠤᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠬᠢᠯᠡᠯᠲᠡ ᠶᠢᠨ ᠶᠣᠰᠣᠯᠠᠯ ᠰᠢᠨᠬᠤᠸᠠ ᠲᠠᠯᠠᠪᠠᠶ ᠳᠤ ᠶᠠᠪᠤᠭᠳᠠᠵᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠯᠢᠶᠠᠨ ᠲᠤᠤ ᠶᠣᠰᠣᠯᠠᠯ ᠳᠤ ᠣᠷᠣᠯᠴᠠᠪᠠ᠃     ᠶᠣᠰᠣᠯᠠᠯ ᠳᠡᠭᠡᠷ᠎ᠡ᠂ ᠤᠯᠤᠰ ᠤᠨ ᠪᠠᠲᠤᠯᠠᠨ ᠬᠠᠮᠠᠭᠠᠯᠠᠯᠲᠠ ᠪᠣᠯ ᠤᠯᠤᠰ ᠪᠣᠯᠤᠨ ᠦᠨᠳᠦᠰᠦᠲᠡᠨ ᠤ ᠮᠠᠨᠳᠤᠵᠤ ᠮᠥᠬᠦᠬᠦ ᠲᠠᠢ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ ᠪᠠ ᠪᠠᠬᠢᠵᠢᠭᠦᠯᠬᠦ ᠶᠢᠨ ᠰᠠᠭᠤᠷᠢ ᠮᠥᠨ᠂ ᠥᠷᠭᠡᠨ ᠤᠯᠠᠨ ᠺᠠᠳ᠋ᠷ ᠤᠯᠠᠨ ᠲᠦᠮᠡᠨ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠴᠠᠭ ᠦᠶ᠎ᠡ ᠶᠢᠨ ᠱᠠᠭᠠᠷᠳᠠᠯᠭ᠎ᠠ ᠪᠠᠷ ᠭᠤᠣᠯᠳᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠰᠢᠨᠡᠴᠢᠯᠡᠬᠦ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠨᠤᠯ ᠪᠣᠯᠤᠨ ᠮᠡᠳᠡᠯᠭᠡ ᠶᠢᠨ ᠰᠤᠷᠤᠯᠴᠠᠯᠭ᠎ᠠ ᠶᠢ ᠴᠢᠬᠤᠯᠠᠴᠢᠯᠠᠵᠤ᠂ ᠬᠥᠮᠦᠨ ᠪᠦᠬᠦᠨ ᠣᠷᠣᠯᠴᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠦᠬᠦ ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠪᠤᠶᠢᠯᠭᠠᠨ ᠰᠠᠶᠢᠲᠤᠷ ᠰᠤᠷᠤᠯᠴᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠰᠠᠶᠢᠲᠤᠷ ᠲᠤᠤᠱᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠬᠥᠮᠦᠨ ᠪᠦᠬᠦᠨ ᠤ ᠰᠡᠳᠬᠢᠯ ᠳᠤ ᠦᠨᠳᠦᠰᠦᠯᠡᠭᠦᠯᠬᠦ ᠬᠡᠷᠡᠭᠲᠡᠢ ᠭᠡᠵᠠᠢ᠃     ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠪᠦᠬᠦ ᠠᠷᠠᠳ ᠤᠨ ᠤᠯᠤᠰ ᠤᠨ ᠪᠠᠳ᠋ᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠶᠠᠷᠢᠶ᠎ᠠ ᠲᠠᠯᠪᠢᠵᠤ᠂ ᠡᠯ᠎ᠡ ᠠᠷᠠᠳ ᠤᠨ ᠪᠦᠯᠬᠦᠮ ᠤᠨ ᠬᠢᠨ ᠤᠷᠠᠯᠢᠭ ᠤᠨ ᠲᠣᠭᠯᠠᠯᠲᠠ ᠭᠠᠷᠭᠠᠵᠤ᠂ ᠤᠯᠠᠨ ᠲᠦᠮᠡᠨ ᠤ ᠠᠩᠬᠠᠷᠤᠯ ᠢ ᠲᠠᠲᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠨᠤᠯ ᠤᠨ ᠮᠡᠳᠡᠯᠭᠡ ᠶᠢ ᠰᠤᠷᠤᠯᠴᠠᠨ ᠣᠶᠢᠯᠠᠭᠠᠪᠠ᠃     ᠶᠣᠰᠣᠯᠠᠯ ᠲᠡᠭᠦᠰᠦᠭᠰᠡᠨ ᠤ ᠲᠠᠷᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ ᠠᠵᠢᠯᠯᠠᠭ᠎ᠠ ᠶᠢ ᠥᠷᠨᠢᠭᠦᠯᠪᠡ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号