2023 ᠣᠨ ᠤ 12 ᠳ᠋ᠤᠭᠠᠷ ᠰᠠᠷ᠎ᠠ ᠶᠢᠨ 31 ᠤ ᠣᠷᠣᠢ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠰᠢᠨ᠎ᠡ ᠵᠢᠯ ᠤᠨ ᠠᠮᠠᠷᠠᠯᠲᠠ ᠶᠢᠨ ᠡᠮᠦᠨ᠎ᠡ ᠬᠤᠶᠠᠷ | ᠡᠳᠦᠷ ᠲᠤ ᠥᠪᠥᠷ ᠮᠣᠩᠭᠤᠯ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 451.35 ᠲᠦᠮᠡᠨ | ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 28.31 | ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ ᠰᠢᠨ᠎ᠡ ᠵᠢᠯ ᠤᠨ ᠠᠮᠠᠷᠠᠯᠲᠠ ᠶᠢᠨ ᠨᠢᠭᠡᠳᠦᠭᠡᠷ ᠡᠳᠦᠷ ᠲᠤ᠂ ᠪᠥᠬᠦ | ᠣᠷᠣᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 214.90 ᠲᠦᠮᠡᠨ ᠬᠥᠮᠥᠨ ᠤᠳᠠᠭ᠎ᠠ ᠭᠥᠯᠢᠶᠡᠨ | ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ 2.6 ᠳᠠᠬᠢᠨ ᠪᠣᠯᠵᠠᠢ︔ ᠵᠢᠭᠤᠯᠴᠢᠯᠠᠯ ᠤᠨ ᠣᠷᠣᠯᠭ᠎ᠠ ᠶᠢ 13. | 31 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ 3.3 ᠳᠠᠬᠢᠨ ᠪᠣᠯᠵᠠᠢ᠃ | ᠠᠮᠠᠷᠠᠯᠲᠠ ᠶᠢᠨ ᠬᠤᠶᠠᠳᠤᠭᠠᠷ ᠡᠳᠦᠷ ᠲᠤ᠂ ᠪᠦᠬᠦ ᠣᠷᠣᠨ ᠤ ᠬᠦᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠤᠨ ᠲᠤᠭ᠎ᠠ 236.45 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ 4.1 ᠳᠠᠬᠢᠨ ᠪᠣᠯᠵᠠᠢ︔ ᠵᠢᠭᠤᠯᠴᠢᠯᠠᠯ ᠤᠨ ᠣᠷᠣᠯᠭ᠎ᠠ ᠶᠢ 15 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ 5.3 ᠳᠠᠬᠢᠨ ᠪᠣᠯᠵᠠᠢ᠃ |