2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠯᠠᠨ ᠠᠷᠭ᠎ᠠ ᠶᠢ | ᠵᠡᠷᠭᠡ ᠪᠠᠷ ᠬᠡᠷᠡᠭᠯᠡᠨ ᠲᠥᠰᠥᠪ ᠰᠢᠯᠭᠠᠷᠠᠭᠤᠯᠬᠤ ᠠᠵᠢᠯ ᠢ ᠥᠷᠨᠢᠭᠦᠯᠵᠦ᠂ ᠲᠥᠰᠥᠪ ᠤᠨ ᠵᠠᠷᠤᠯᠭ᠎ᠠ ᠶᠢ ᠴᠢᠩᠭ᠎ᠠ | ᠬᠠᠮᠢᠶᠠᠷᠴᠤ᠂ ᠪᠥᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠯ᠎ᠡ | ᠲᠥᠷᠥᠯ ᠤᠨ ᠭᠤᠣᠯᠳᠠᠯᠭ᠎ᠠ ᠲᠠᠢ ᠲᠥᠰᠥᠯ ᠢ ᠨᠡᠶᠢᠲᠡ 185 ᠰᠢᠯᠭᠠᠷᠠᠭᠤᠯᠵᠤ᠂ ᠰᠢᠯᠭᠠᠷᠠᠭᠤᠯᠤᠭᠰᠠᠨ ᠵᠣᠭᠤᠰ ᠤᠨ | ᠲᠤᠭ᠎ᠠ 9.21 ᠳ᠋ᠦᠩᠰᠢᠭᠤᠷ ᠲᠥᠭᠦᠷᠢᠭ᠂ ᠬᠢᠨᠠᠨ ᠲᠣᠭᠲᠠᠭᠠᠭᠰᠠᠨ ᠵᠣᠭᠤᠰ ᠤᠨ ᠲᠤᠭ᠎ᠠ 6.85 ᠳ᠋ᠦᠩᠰᠢᠭᠤᠷ | ᠲᠥᠭᠦᠷᠢᠭ ᠪᠠᠶᠢᠵᠤ᠂ ᠡᠳ᠋ ᠤᠨ ᠵᠠᠰᠠᠭ ᠤᠨ ᠪᠡᠯᠡ ᠮᠥᠩᠭᠦ ᠶᠢ 2. 36 ᠳ᠋ᠦᠩᠰᠢᠭᠤᠷ ᠲᠥᠭᠦᠷᠢᠭ ᠠᠷᠪᠢᠯᠠᠪᠠ᠃ | ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠦᠢᠯᠡᠴᠢᠯᠡᠵᠦ᠂ ᠡᠳ᠋ ᠤᠨ ᠵᠠᠰᠠᠭ ᠤᠨ ᠰᠢᠯᠭᠠᠷᠠᠭᠤᠯᠬᠤ ᠴᠢᠨᠠᠷ ᠪᠠ | ᠪᠦᠲᠦᠮᠵᠢ ᠶᠢ ᠳᠡᠭᠡᠭᠰᠢᠯᠡᠭᠦᠯᠪᠡ – ᠠᠷᠠᠳ ᠤᠨ ᠠᠮᠢᠳᠤᠷᠠᠯ ᠪᠠ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠭᠤᠣᠯᠳᠠᠯᠭ᠎ᠠ ᠲᠠᠢ ᠵᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠰᠠᠯᠠᠭ᠎ᠠ | ᠮᠥᠴᠢᠷ ᠤᠳ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠰᠥᠯ ᠤᠨ ᠲᠥᠯᠥᠪᠯᠡᠭᠡ ᠶᠢ ᠵᠣᠬᠢᠰᠲᠠᠢ | ᠨᠠᠶᠢᠷᠠᠭᠤᠯᠤᠨ ᠵᠣᠬᠢᠶᠠᠬᠤ ᠲᠠᠯ᠎ᠠ ᠪᠠᠷ ᠮᠡᠷᠭᠡᠵᠢᠯ ᠤᠨ ᠳᠡᠮᠵᠢᠯᠭᠡ ᠬᠠᠩᠭᠠᠪᠠ︔ ᠣᠯᠠᠨ ᠨᠢᠭᠡᠴᠢ ᠳᠤ ᠭᠦᠨᠵᠡᠭᠡᠶᠢᠷᠡᠵᠦ᠂ | ᠭᠠᠯ ᠤᠨᠲᠠᠷᠠᠭᠠᠬᠤ ᠪᠡᠯᠡᠳᠬᠡᠮᠵᠢ ᠶᠢᠨ ᠠᠮᠤᠷ ᠲᠦᠪᠰᠢᠨ ᠤ ᠥᠭᠡᠷᠡᠴᠢᠯᠡᠯᠲᠡ᠂ ᠠᠳᠠᠯ ᠠᠬᠤᠢ ᠶᠢᠨ ᠵᠠᠷᠤᠯᠭ᠎ᠠ ᠪᠠ | ᠴᠢᠬᠤᠯᠠ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠲᠠᠯ᠎ᠠ ᠪᠠᠷ ᠨᠡᠪᠲᠡᠷᠡᠯᠴᠡᠨ ᠰᠣᠯᠢᠯᠴᠠᠵᠤ᠂ | ᠦᠢᠯᠡᠴᠢᠯᠡᠭᠡᠨ ᠤ ᠰᠠᠯᠠᠭ᠎ᠠ ᠮᠥᠴᠢᠷ᠂ ᠨᠢᠭᠡᠴᠢ ᠳᠤ ᠣᠷᠣᠰᠢᠵᠤ ᠪᠠᠶᠢᠭ᠎ᠠ ᠠᠰᠠᠭᠤᠳᠠᠯ ᠤᠳ ᠢ ᠡᠷᠲᠡᠬᠡᠨ | ᠰᠢᠢᠳᠪᠦᠷᠢᠯᠡᠭᠰᠡᠨ ᠮᠥᠷᠲᠡᠭᠡᠨ ᠡᠳ᠋ ᠤᠨ ᠵᠠᠰᠠᠭ ᠤᠨ ᠪᠡᠯᠡ ᠮᠥᠩᠭᠦ ᠶᠢ ᠴᠦ ᠵᠣᠬᠢᠰᠲᠠᠢ ᠠᠷᠪᠢᠯᠠᠪᠠ᠃ ᠳᠦᠷᠢᠮ ᠢ | ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠶᠢᠨ ᠲᠥᠰᠥᠪ ᠰᠢᠯᠭᠠᠷᠠᠭᠤᠯᠬᠤ ᠶᠢ ᠵᠢᠷᠤᠮᠵᠢᠭᠤᠯᠪᠠ – ᠰᠢᠯᠭᠠᠷᠠᠭᠤᠯᠬᠤ | ᠳᠠᠷᠠᠭᠠᠯᠠᠯ ᠢ ᠵᠢᠷᠤᠮᠵᠢᠭᠤᠯᠬᠤ ᠵᠣᠷᠢᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠰᠢᠯᠭᠠᠷᠠᠭᠤᠯᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠤᠨ ᠠᠷᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠰᠢᠯᠭᠠᠷᠠᠭᠤᠯᠬᠤ ᠠᠵᠢᠯᠯᠠᠭᠠᠨ ᠤ ᠳᠦᠷᠢᠮ᠂ | ᠲᠥᠰᠥᠪ ᠰᠢᠯᠭᠠᠷᠠᠭᠤᠯᠬᠤ ᠶᠢ ᠲᠤᠰᠢᠶᠠᠨ ᠭᠦᠢᠴᠡᠳᠬᠡᠭᠦᠯᠬᠦ ᠬᠠᠭᠤᠳᠠᠰᠤ ᠶᠢ ᠲᠣᠭᠲᠠᠭᠠᠨ᠂ ᠡᠳ᠋ ᠤᠨ ᠵᠠᠰᠠᠭ ᠤᠨ | ᠶᠠᠮᠤᠨ ᠤ ︽ᠲᠥᠰᠥᠪ ᠰᠢᠯᠭᠠᠷᠠᠭᠤᠯᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠵᠦ᠂ ᠡᠳ᠋ ᠤᠨ ᠵᠠᠰᠠᠭ ᠤᠨ ᠲᠥᠰᠥᠪ ᠢ ᠰᠢᠯᠭᠠᠷᠠᠭᠤᠯᠬᠤ | ᠠᠵᠢᠯ ᠤᠨ ᠵᠢᠷᠤᠮᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠰᠢᠯᠭᠠᠷᠠᠭᠤᠯᠬᠤ ᠪᠦᠲᠦᠮᠵᠢ ᠪᠠ ᠴᠢᠨᠠᠷ ᠢ | ᠳᠡᠭᠡᠭᠰᠢᠯᠡᠭᠦᠯᠪᠡ᠃ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ | ᠰᠢᠯᠭᠠᠷᠠᠭᠤᠯᠬᠤ ᠶᠢ ᠠᠬᠢᠭᠤᠯᠪᠠ – ᠵᠠᠬ᠎ᠠ ᠳᠡᠯᠭᠡᠭᠦᠷ ᠤᠨ ᠪᠠᠶᠢᠴᠠᠭᠠᠯᠲᠠ ᠬᠢᠬᠦ ᠪᠠ ᠮᠡᠷᠭᠡᠵᠢᠯᠲᠡᠳ ᠢ ᠵᠣᠬᠢᠶᠠᠨ | ᠪᠠᠶᠢᠭᠤᠯᠤᠨ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ | ᠥᠩᠭᠡᠷᠡᠭᠰᠡᠨ ᠲᠥᠰᠥᠯ ᠤᠨ ᠬᠢᠨᠠᠨ ᠬᠠᠷᠭᠤᠭᠤᠯᠤᠭᠰᠠᠨ ᠳ᠋ᠠᠶᠢᠲ᠋ᠠ ᠲᠠᠢ ᠤᠶᠠᠯᠳᠤᠭᠤᠯᠤᠨ᠂ ᠲᠥᠰᠥᠯ ᠤᠨ ᠪᠡᠯᠡ | ᠮᠥᠩᠭᠦ ᠵᠠᠷᠤᠯᠭ᠎ᠠ ᠶᠢᠨ ᠪᠠᠷᠢᠮᠵᠢᠶ᠎ᠠ ᠶᠢ ᠲᠣᠭᠲᠠᠭᠠᠪᠠ᠃ ᠲᠠᠯᠠᠪᠤᠷ ᠣᠷᠳᠣᠨ ᠤ ᠠᠵᠢᠯᠯᠠᠭᠠᠨ᠂ ᠮᠡᠳᠡᠭᠡ | ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ | ᠬᠠᠮᠠᠭᠠᠯᠠᠯᠲᠠ ᠵᠡᠷᠭᠡ ᠨᠡᠶᠢᠳᠡᠮ ᠬᠡᠷᠡᠭᠯᠡᠬᠦ ᠲᠥᠰᠥᠯ ᠤᠨ ᠪᠡᠯᠡ ᠮᠥᠩᠭᠦᠨ ᠵᠠᠷᠤᠯᠭ᠎ᠠ ᠶᠢᠨ ᠪᠠᠷᠢᠮᠵᠢᠶ᠎ᠠ ᠶᠣᠰᠣᠭᠠᠷ᠂ | ᠬᠠᠮᠢᠶ᠎ᠠ ᠪᠦᠬᠦᠢ ᠲᠥᠰᠥᠯ ᠤᠨ ᠲᠥᠰᠥᠪ ᠰᠢᠯᠭᠠᠷᠠᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠪᠡ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ |