ᠮᠠᠨ ᠤ ᠣᠷᠣᠨ ᠤ ᠤᠯᠠᠨ ᠰᠠᠯᠠᠭ᠎ᠠ ᠮᠥᠴᠢᠷ ᠬᠠᠮᠲᠤᠷᠠᠨ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/10
  ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ 13 ᠰᠠᠯᠠᠭ᠎ᠠ ᠮᠥᠴᠢᠷ ᠲᠠᠢ ᠬᠠᠮᠲᠤᠷᠠᠨ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠲᠤᠰᠬᠠᠢ ᠠᠵᠢᠯᠯᠠᠭ᠎ᠠ ᠨᠢ ᠶᠠᠷᠢᠯᠴᠠᠬᠤ ᠪᠠ ᠠᠰᠠᠭᠤᠨ ᠯᠠᠪᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠠᠢ ᠳᠤ ᠬᠢᠨᠠᠨ ᠬᠠᠷᠭᠤᠭᠤᠯᠬᠤ ᠵᠡᠷᠭᠡ ᠠᠷᠭ᠎ᠠ ᠪᠠᠷ ᠬᠠᠷᠢᠶ᠎ᠠ ᠣᠷᠣᠨ ᠤ ᠳᠣᠲᠣᠷᠠᠬᠢ ᠰᠢᠤᠳᠠᠨ ᠤ ᠲᠦᠷᠭᠡᠨ ᠬᠦᠷᠭᠡᠯᠲᠡ᠂ ᠡᠮ ᠤᠨ ᠳᠡᠯᠭᠡᠭᠦᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠳᠤ ᠬᠡᠷᠡᠭᠯᠡᠵᠦ ᠪᠠᠶᠢᠭ᠎ᠠ ᠰᠦᠯᠢᠶᠥᠦ ᠪᠦᠲᠦᠭᠡᠭᠳᠡᠬᠦᠨ ᠤ ᠶᠠᠰᠤ ᠴᠢᠨᠠᠷ ᠤᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠬᠢᠵᠦ ᠪᠠᠶᠢᠨ᠎ᠠ᠃ ᠡᠯ᠎ᠡ ᠭᠠᠵᠠᠷ ᠤᠨ ᠬᠡᠰᠡᠭ ᠰᠦᠯᠢᠶᠥᠦ ᠪᠦᠲᠦᠭᠡᠭᠳᠡᠬᠦᠨ ᠢ ᠴᠠᠭᠠᠵᠠᠯᠠᠬᠤ᠂ ᠬᠢᠵᠠᠭᠠᠷᠯᠠᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠰᠢᠤᠳᠠᠨ ᠤ ᠲᠦᠷᠭᠡᠨ ᠬᠦᠷᠭᠡᠯᠲᠡ ᠬᠡᠲᠦ ᠪᠣᠭᠤᠳᠠᠯᠯᠠᠬᠤ ᠪᠠ ᠳᠤᠷ᠎ᠠ ᠪᠠᠷ ᠢᠶᠠᠨ ᠪᠣᠭᠤᠳᠠᠯᠯᠠᠬᠤ ᠶᠢ ᠵᠠᠰᠠᠭᠰᠠᠨ ᠪᠠᠶᠢᠳᠠᠯ᠂ ᠰᠦᠯᠢᠶᠥᠦ ᠬᠤᠭ ᠨᠣᠪᠰᠢ ᠶᠢ ᠬᠤᠷᠢᠶᠠᠨ ᠠᠪᠴᠤ ᠴᠡᠪᠡᠷᠯᠡᠨ ᠲᠡᠭᠡᠭᠡᠪᠦᠷᠢᠯᠡᠬᠦ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠡᠨᠡ ᠬᠤᠭᠤᠴᠠᠭᠠᠨ ᠳᠤ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠦᠯᠢᠶᠥᠦ ᠪᠦᠲᠦᠭᠡᠭᠳᠡᠬᠦᠨ ᠬᠡᠷᠡᠭᠯᠡᠬᠦ ᠬᠡᠷᠡᠭᠲᠡᠢ ᠭᠡᠵᠦ ᠱᠠᠭᠠᠷᠳᠠᠵᠠᠢ᠃ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠲᠤ ᠴᠢᠭᠯᠡᠭᠦᠯᠦᠨ᠂ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠵᠤ᠂ ᠰᠦᠯᠢᠶᠥᠦ ᠪᠦᠲᠦᠭᠡᠭᠳᠡᠬᠦᠨ ᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ ᠭᠠᠭᠴᠠ ᠤᠳᠠᠭᠠᠨ ᠤ ᠰᠦᠯᠢᠶᠥᠦ ᠬᠡᠷᠡᠭᠯᠡᠬᠦ ᠶᠢ ᠪᠠᠭᠠᠰᠬᠠᠵᠤ᠂ ᠰᠦᠯᠢᠶᠥᠦ ᠬᠤᠭ ᠨᠣᠪᠰᠢ ᠶᠢ ᠴᠡᠪᠡᠷᠯᠡᠨ ᠴᠡᠭᠴᠡᠯᠡᠵᠦ᠂ ᠬᠠᠶᠠᠭᠳᠠᠮᠠᠯ ᠰᠦᠯᠢᠶᠥᠦ ᠪᠣᠳᠠᠰ ᠤᠳ ᠢ ᠬᠤᠷᠢᠶᠠᠨ ᠠᠪᠬᠤ᠂ ᠠᠰᠢᠭᠯᠠᠬᠤ᠂ ᠰᠢᠢᠳᠪᠦᠷᠢᠯᠡᠬᠦ ᠵᠡᠷᠭᠡ ᠶᠠᠪᠤᠴᠠ ᠳᠠᠬᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠠᠵᠢᠯ ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠤᠨ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠣᠯᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号