ᠥᠪᠥᠷ ᠮᠣᠩᠭᠤᠯ ᠤᠨ ᠣᠷᠣᠨ ᠰᠠᠭᠤᠴᠠ ᠶᠢᠨ ᠪᠡᠯᠡ ᠮᠥᠩᠭᠦᠨ ᠤ ᠲᠥᠪ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/1/10
  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦᠨ ᠤ ᠲᠥᠪ ᠠᠴᠠ ᠣᠶᠢᠯᠠᠭᠠᠭᠰᠠᠨ ᠨᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠳᠦᠷᠢᠮ ᠤᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠵᠠᠶᠢᠯᠠᠰᠢ ᠦᠭᠡᠢ ᠴᠢᠨᠠᠷ ᠵᠢᠴᠢ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠵᠤ᠂ ᠬᠤᠲᠠ ᠶᠢᠨ ᠰᠢᠨ᠎ᠡ ᠢᠷᠭᠡᠳ᠂ ᠵᠠᠯᠠᠭᠤᠴᠤᠳ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠭᠤᠣᠯᠳᠠᠯᠭ᠎ᠠ ᠲᠠᠢ ᠳᠡᠮᠵᠢᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ᠂ ᠲᠣᠰ ᠲᠥᠪ ᠨᠢ ᠬᠡᠰᠡᠭ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠪᠠ᠃ ᠵᠢᠭᠡᠯᠡᠯᠭᠡ ᠶᠢᠨ ᠬᠡᠮᠵᠢᠶᠡᠨ ᠤ ᠪᠤᠳᠤᠬᠤ ᠠᠷᠭ᠎ᠠ ᠶᠢ ᠲᠣᠬᠢᠷᠠᠭᠤᠯᠪᠠ᠃ ᠵᠢᠭᠡᠯᠡᠭᠴᠢ ᠡᠷ᠎ᠡ ᠡᠮ᠎ᠡ ᠬᠤᠶᠠᠷ ᠬᠥᠬᠡᠬᠤᠲᠠ ᠳᠤ ᠠᠩᠬ᠎ᠠ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠪᠠᠷ ᠠᠩᠬᠠᠨ ᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠤ ᠵᠢᠭᠡᠯᠡᠭᠦᠯᠵᠦ ᠪᠣᠯᠬᠤ ᠬᠡᠮᠵᠢᠶ᠎ᠡ ᠶᠢ ᠬᠤᠪᠢ ᠬᠥᠮᠥᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠠᠩᠰᠠᠨ ᠤ ᠦᠯᠡᠳᠡᠪᠦᠷᠢ ᠶᠢᠨ 20 ᠳᠠᠬᠢᠨ ᠪᠠᠶᠢᠭᠰᠠᠨ ᠢ 25 ᠳᠠᠬᠢᠨ ᠪᠣᠯᠭᠠᠨ ᠳᠡᠭᠡᠭᠰᠢᠯᠡᠭᠦᠯᠪᠡ᠃ ᠵᠢᠭᠡᠯᠡᠯᠭᠡ ᠶᠢᠨ ᠪᠠᠶᠢᠭᠠᠯᠢ ᠬᠥᠮᠥᠨ ᠤ ᠪᠠᠲᠤᠯᠠᠭ᠎ᠠ ᠳᠠᠭᠠᠭᠠᠯᠲᠠ ᠶᠢᠨ ᠠᠷᠭ᠎ᠠ ᠶᠢ ᠲᠣᠬᠢᠷᠠᠭᠤᠯᠪᠠ᠃ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠲᠠᠸᠠᠷ ᠤᠨ ᠭᠡᠷ ᠪᠠᠶᠢᠰᠢᠩ ᠤᠨ ᠵᠢᠭᠡᠯᠡᠯᠭᠡ᠂ ᠬᠤᠳᠠᠯᠳᠤᠭᠠᠨ ᠤ ᠵᠢᠭᠡᠯᠡᠯᠭᠡ ᠠᠴᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠰᠢᠯᠵᠢᠭᠦᠯᠬᠦ ᠪᠠ ᠣᠨᠳᠣᠣ ᠭᠠᠵᠠᠷ ᠠᠴᠠ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢ ᠭᠤᠶᠤᠴᠢᠯᠠᠨ ᠭᠦᠢᠴᠡᠳᠬᠡᠬᠦ ᠳᠤ᠂ ᠵᠢᠭᠡᠯᠡᠯᠭᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠪᠤᠶᠤ ᠪᠤᠰᠤᠳ ᠪᠠᠷᠢᠴᠠᠭᠠᠯᠠᠬᠤ ᠳᠤ ᠨᠡᠶᠢᠴᠡᠬᠦ ᠭᠡᠷ ᠬᠥᠷᠥᠩᠭᠡ ᠶᠢ ᠬᠠᠩᠭᠠᠵᠤ ᠪᠠᠷᠢᠴᠠᠭᠠᠯᠠᠨ ᠳᠠᠭᠠᠭᠠᠯᠲᠠ ᠬᠢᠵᠦ ᠴᠢᠳᠠᠬᠤ ᠦᠭᠡᠢ ᠪᠣᠯ᠂ ᠱᠠᠲᠤᠴᠢ ᠴᠢᠨᠠᠷᠲᠠᠢ ᠪᠠᠷ ᠪᠠᠶᠢᠭᠠᠯᠢ ᠬᠥᠮᠥᠨ ᠤ ᠪᠠᠲᠤᠯᠠᠭ᠎ᠠ ᠳᠠᠭᠠᠭᠠᠯᠲᠠ ᠶᠢᠨ ᠠᠷᠭ᠎ᠠ ᠶᠢ ᠠᠪᠴᠤ ᠪᠣᠯᠣᠨ᠎ᠠ᠃ ᠡᠭᠦᠨ ᠳᠤ ᠵᠢᠭᠡᠯᠡᠯᠭᠡ ᠭᠤᠶᠤᠴᠢᠯᠠᠬᠤ ᠬᠡᠮᠵᠢᠶ᠎ᠡ ᠨᠢ 50 ᠲᠦᠮᠡᠨ ᠲᠥᠭᠦᠷᠢᠭ ︵ᠪᠠᠭᠲᠠᠨ᠎ᠠ︶ ᠤᠨ ᠳᠣᠲᠣᠷ᠎ᠠ ᠪᠠᠶᠢᠪᠠᠯ᠂ 1 ᠪᠠᠶᠢᠭᠠᠯᠢ ᠬᠥᠮᠥᠨ ᠢ ᠰᠣᠩᠭᠤᠵᠤ ᠪᠠᠲᠤᠯᠠᠭ᠎ᠠ ᠶᠢᠨ ᠳᠠᠭᠠᠭᠠᠯᠲᠠ ᠬᠠᠩᠭᠠᠯᠭᠠᠵᠤ ᠪᠣᠯᠣᠨ᠎ᠠ︔ ᠵᠢᠭᠡᠯᠡᠯᠭᠡ ᠭᠤᠶᠤᠴᠢᠯᠠᠬᠤ ᠬᠡᠮᠵᠢᠶ᠎ᠡ ᠨᠢ 50 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 2 ᠪᠠᠶᠢᠭᠠᠯᠢ ᠬᠥᠮᠥᠨ ᠢ ᠰᠣᠩᠭᠤᠵᠤ ᠪᠠᠲᠤᠯᠠᠭ᠎ᠠ ᠳᠠᠭᠠᠭᠠᠯᠲᠠ ᠬᠠᠩᠭᠠᠯᠭᠠᠵᠤ ᠪᠣᠯᠣᠨ᠎ᠠ᠃ ᠪᠠᠲᠤᠯᠠᠭᠴᠢ ᠪᠠᠲᠤᠯᠠᠭ᠎ᠠ ᠶᠢᠨ ᠬᠤᠭᠤᠴᠠᠭᠠᠨ ᠳᠤ ᠥᠪᠡᠷ ᠤᠨ ᠲᠠᠩᠰᠠᠨ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠪᠠᠨ ᠭᠠᠷᠭᠠᠨ ᠠᠪᠴᠤ ᠪᠣᠯᠬᠤ ᠦᠭᠡᠢ ᠵᠡᠷᠭᠡ ᠶᠢ ᠱᠠᠭᠠᠷᠳᠠᠪᠠ᠃ ᠬᠤᠳᠠᠯᠳᠤᠭᠠᠨ ᠤ ᠵᠢᠭᠡᠯᠡᠯᠭᠡ ᠠᠴᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠰᠢᠯᠵᠢᠭᠦᠯᠬᠦ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠪᠠ᠃ ᠬᠤᠳᠠᠯᠳᠤᠭᠠᠨ ᠤ ᠵᠢᠭᠡᠯᠡᠯᠭᠡ ᠠᠴᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠰᠢᠯᠵᠢᠭᠦᠯᠬᠦ ᠶᠢ ᠭᠤᠶᠤᠴᠢᠯᠠᠬᠤ ᠦᠶ᠎ᠡ ᠳᠤ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠬᠤᠳᠠᠯᠳᠤᠭᠠᠨ ᠤ ᠪᠠᠷᠢᠴᠠᠭᠠᠲᠤ ᠵᠢᠭᠡᠯᠡᠯᠭᠡ ᠶᠢᠨ ᠵᠣᠭᠤᠰ ᠢ ᠡᠷᠬᠡᠪᠰᠢ 1 ᠵᠢᠯ ᠠᠴᠠ ᠳᠡᠭᠡᠭᠰᠢ ᠬᠡᠪ ᠤᠨ ᠶᠣᠰᠣᠭᠠᠷ ᠪᠤᠴᠠᠭᠠᠬᠤ ᠬᠡᠷᠡᠭᠲᠡᠢ ᠭᠡᠰᠡᠨ ᠲᠣᠭᠲᠠᠭᠠᠯ ᠢ ᠬᠦᠴᠦᠨ ᠦᠭᠡᠢ ᠪᠣᠯᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号