ᠥᠪᠥᠷ ᠮᠣᠩᠭᠤᠯ ᠤᠯᠤᠰ ᠤᠨ ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ 32 ᠨᠡᠮᠡᠭᠳᠡᠭᠦᠯᠵᠦ ᠪᠣᠬᠢᠷᠲᠤᠯ ᠦᠭᠡᠢ ᠦᠢᠯᠡᠳᠪᠦᠷᠢ ᠶᠢ ᠨᠡᠶᠢᠲᠡ 298 ᠡᠭᠦᠳᠦᠨ ᠪᠠᠶᠢᠭᠤᠯᠪᠠ
ᠨᠡᠶᠢᠲᠡᠯᠡᠭᠰᠡᠨ ᠴᠠᠭ᠄
2024/1/10
 ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠪᠥᠬᠦ ᠤᠯᠤᠰ ᠤᠨ 2023 ᠣᠨ ᠤ ᠪᠣᠬᠢᠷᠲᠤᠯ ᠦᠭᠡᠢ ᠦᠢᠯᠡᠳᠬᠡᠯ ᠤᠨ ᠨᠡᠷᠡᠰ ᠢ ᠨᠡᠶᠢᠲᠡᠯᠡᠪᠡ᠂ ᠡᠭᠦᠨ ᠳᠤ᠂ ᠮᠠᠨ ᠤ ᠣᠷᠣᠨ ᠤ ᠥᠪᠥᠷ ᠮᠣᠩᠭᠤᠯ ᠤᠨ ᠢᠦᠢ ᠬᠠᠩ ᠷᠧᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 32 ᠠᠵᠤ ᠠᠬᠤᠶᠢᠯᠠᠯ ᠪᠣᠬᠢᠷᠲᠤᠯ ᠦᠭᠡᠢ ᠦᠢᠯᠡᠳᠪᠦᠷᠢ ᠳᠤ ᠵᠢᠭᠰᠠᠭᠠᠭᠳᠠᠵᠤ᠂ ᠣᠷᠳᠣᠰ ᠤᠨ ᠮᠧᠩ ᠰᠦ᠋ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠡᠷᠭᠡ 5 ᠬᠦᠷᠢᠶᠡᠯᠡᠩ ᠲᠣᠭᠤᠷᠢᠭ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠲᠤ ᠵᠢᠭᠰᠠᠭᠠᠭᠳᠠᠵᠤ᠂ ᠪᠤᠭᠤᠲᠤ ᠶᠢᠨ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠠᠵᠤ ᠠᠬᠤᠶᠢᠯᠠᠯ ᠳᠤ ᠵᠢᠭᠰᠠᠭᠠᠭᠳᠠᠪᠠ᠃ ᠪᠣᠬᠢᠷᠲᠤᠯ ᠦᠭᠡᠢ ᠦᠢᠯᠡᠳᠬᠡᠯ ᠪᠣᠯ ᠣᠷᠴᠢᠨ ᠲᠣᠭᠤᠷᠢᠨ ᠤ ᠨᠥᠯᠥᠭᠡᠯᠡᠯ ᠪᠠ ᠡᠬᠢ ᠪᠠᠶᠠᠯᠢᠭ ᠤᠨ ᠦᠷ᠎ᠡ ᠠᠰᠢᠭ ᠢ ᠶᠡᠷᠦᠩᠬᠡᠶᠢᠯᠡᠨ ᠪᠣᠳᠣᠯᠬᠢᠯᠠᠭᠰᠠᠨ ᠣᠳᠣᠬᠢᠴᠢᠯᠠᠭᠰᠠᠨ ᠦᠢᠯᠡᠳᠬᠡᠯ ᠤᠨ ᠵᠠᠭᠪᠤᠷ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠪᠣᠬᠢᠷᠲᠤᠯ ᠦᠭᠡᠢ ᠦᠢᠯᠡᠳᠬᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠦᠢᠯᠡᠳᠬᠡᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠦᠷᠭᠦᠯᠵᠢᠯᠡᠨ ᠪᠣᠶ ᠪᠣᠯᠭᠠᠵᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠣᠬᠢᠷᠲᠤᠯ ᠦᠭᠡᠢ ᠦᠢᠯᠡᠳᠬᠡᠯ ᠤᠨ ᠵᠢᠱᠢᠶ᠎ᠡ ᠶᠢ ᠡᠭᠦᠳᠦᠨ ᠪᠠᠶᠢᠭᠤᠯᠪᠠ᠃ ᠣᠲᠣ ᠪᠣᠯᠲᠠᠯ᠎ᠠ᠂ ᠪᠥᠬᠦ ᠣᠷᠣᠨ ᠳᠤ ᠨᠡᠶᠢᠲᠡ 298 ᠪᠣᠬᠢᠷᠲᠤᠯ ᠦᠭᠡᠢ ᠦᠢᠯᠡᠳᠪᠦᠷᠢ᠂ 24 ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ 92 ᠪᠣᠬᠢᠷᠲᠤᠯ ᠦᠭᠡᠢ ᠲᠥᠯᠥᠪᠯᠡᠭᠡ ᠶᠢᠨ ᠪᠦᠲᠦᠭᠡᠭᠳᠡᠬᠦᠨ᠂ 26 ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠡᠭᠦᠳᠦᠨ ᠪᠠᠶᠢᠭᠤᠯᠵᠤ᠂ ᠦᠢᠯᠡᠳᠬᠡᠯ ᠤᠨ ᠦᠢᠯᠡᠰ ᠤᠨ ᠪᠣᠬᠢᠷᠲᠤᠯ ᠦᠭᠡᠢ ᠦᠢᠯᠡᠳᠬᠦ ᠲᠦᠪᠰᠢᠨ ᠢᠯᠡᠳᠲᠡ ᠳᠡᠭᠡᠭᠰᠢᠯᠡᠪᠡ᠃ ᠳᠠᠷᠠᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠤᠯᠠᠮ ᠡᠷᠴᠢᠮᠵᠢᠭᠦᠯᠵᠦ᠂ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠬᠤ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠬᠤ ᠵᠡᠷᠭᠡ ᠲᠠᠯ᠎ᠠ ᠪᠠᠷ ᠥᠨᠳᠥᠷ ᠪᠦᠲᠦᠮᠵᠢᠲᠡᠢ᠂ ᠠᠷᠢᠭᠤᠨ ᠴᠡᠪᠡᠷ᠂ ᠳᠣᠣᠷ᠎ᠠ ᠨᠡᠭᠦᠷᠡᠰᠦᠲᠥ᠋ᠷᠥᠭᠴᠢᠲᠦ᠂ ᠡᠷᠭᠢᠯᠲᠡᠲᠦ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠪᠴᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号