︽ᠪᠠᠭᠠᠷᠢᠨ ᠵᠡᠭᠦᠨ ᠬᠤᠰᠢᠭᠤᠨ ᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠴᠠᠭᠠᠨ ᠴᠡᠭᠴᠡᠯᠡᠬᠦ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/18
 ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠪᠠᠭᠠᠷᠢᠨ ᠵᠡᠭᠦᠨ ᠬᠤᠰᠢᠭᠤᠨ ᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠴᠠᠭᠠᠨ ᠴᠡᠭᠴᠡᠯᠡᠬᠦ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠳᠦᠭᠡ ᠬᠠᠮᠢᠶ᠎ᠠ ᠪᠥᠬᠦᠶ ᠪᠠᠶᠢᠳᠠᠯ ᠢ ᠳᠣᠤᠷᠠᠬᠢ ᠮᠡᠲᠦ ᠲᠠᠶᠢᠯᠪᠤᠷᠢᠯᠠᠶ᠎ᠠ᠃    ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠪᠦᠬᠦ ᠬᠤᠰᠢᠭᠤᠨ ᠤ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠠᠲᠤᠳᠬᠠᠨ ᠳᠡᠭᠡᠭᠰᠢᠯᠡᠭᠦᠯᠬᠦ ᠶᠢᠨ ᠲᠥᠯᠥᠭᠡ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠭᠤᠣᠯ ᠪᠠ ᠳᠠᠯᠠᠢ ᠳᠤ ᠴᠢᠳᠬᠤᠬᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ ᠦᠨᠳᠦᠰᠦᠯᠡᠪᠡᠯ ︵ᠲᠥᠷᠥ ᠠᠯᠪᠠᠨ ᠵᠠᠬᠢᠳᠠᠯ ︹ 2022 ︺ 17 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠴᠢᠩᠭᠠᠳᠬᠠᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 94 ᠳ᠋ᠦᠭᠡᠷ ᠲᠣᠭᠠᠲᠤ︶᠂ ︽ᠤᠯᠠᠭᠠᠨᠬᠠᠳᠠ ᠬᠤᠲᠠ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠤᠯᠠᠭᠠᠨ ᠵᠠᠰᠠᠭ ᠠᠯᠪᠠᠨ ᠲᠠᠷᠬᠠᠭᠠᠭᠰᠠᠨ ︹ 2023 ︺ 17 ᠳ᠋ᠤᠭᠠᠷ ᠲᠣᠭᠠᠲᠤ︶ ᠤᠨ ᠱᠠᠭᠠᠷᠳᠠᠯᠭ᠎ᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠬᠦ ᠪᠠᠷ ᠭᠤᠤᠯ ᠪᠣᠯᠭᠠᠨ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠥᠲᠥᠭᠡᠨ ᠪᠠᠶᠢᠭᠤᠯᠵᠤ᠂ ᠣᠨᠴᠠᠭᠠᠶᠢᠯᠠᠨ ︽ᠪᠠᠭᠠᠷᠢᠨ ᠵᠡᠭᠦᠨ ᠬᠤᠰᠢᠭᠤᠨ ᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃    ᠬᠤᠶᠠᠷ᠂ ᠠᠵᠢᠯ ᠤᠨ ᠬᠠᠷᠠᠯᠲᠠ    ︵ᠨᠢᠭᠡ︶ 2023 ᠣᠨ ᠳᠤ ᠤᠤᠯ ᠤᠨ ᠪᠠᠶᠢᠭᠰᠠᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠴᠠᠭᠠᠨ ᠴᠡᠭᠴᠡᠯᠡᠭᠰᠡᠨ ᠰᠠᠭᠤᠷᠢᠨ ᠳᠡᠭᠡᠷ᠎ᠡ᠂ ᠪᠥᠬᠦ ᠬᠤᠰᠢᠭᠤᠨ ᠤ ᠰᠠᠪᠠ ᠭᠠᠵᠠᠷ ᠲᠠᠬᠢ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠳᠠᠬᠢᠨ ᠪᠠᠶᠢᠴᠠᠭᠠᠵᠤ᠂ ᠨᠢᠭᠡᠨᠲᠡ ᠴᠡᠭᠴᠡᠯᠡᠨ ᠵᠠᠰᠠᠭᠰᠠᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠰᠢᠨ᠎ᠡ ᠪᠠᠷ ᠨᠡᠮᠡᠭᠳᠡᠭᠰᠡᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠨᠠᠷᠢᠨ ᠲᠠᠩᠰᠠ ᠶᠢ ᠪᠠᠶᠢᠭᠤᠯᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ︽ᠡᠷᠬᠢᠨ ᠬᠠᠷᠠᠬᠤ︾ ᠠᠰᠠᠭᠤᠳᠠᠯ ᠢ ᠴᠡᠭᠴᠡᠯᠡᠨ ᠵᠠᠰᠠᠬᠤ ᠨᠠᠷᠢᠨ ᠲᠠᠩᠰᠠ ᠶᠢ ᠨᠢᠭᠡᠨᠲᠡ ᠪᠡᠶᠡᠯᠡᠭᠦᠯᠪᠡ᠃    ︵ᠬᠤᠶᠠᠷ︶ 2024 ᠣᠨ ᠳᠤ ᠰᠠᠪᠠ ᠭᠠᠵᠠᠷ ᠤᠨ ᠳᠣᠲᠣᠷᠠᠬᠢ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠠᠬᠢᠭᠤᠯᠤᠨ᠎ᠠ᠃    ︵ᠭᠤᠷᠪᠠ︶ 2025 ᠣᠨ ᠳᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠨᠢᠭᠡ ᠠᠮᠠ ᠨᠢᠭᠡ ᠠᠷᠭ᠎ᠠ ᠪᠣᠳᠣᠯᠭ᠎ᠠ᠂ ᠨᠢᠭᠡ ᠠᠮᠠ ᠨᠢᠭᠡ ᠲᠠᠩᠰᠠ ᠡᠪᠬᠡᠮᠡᠯ᠂ ᠨᠢᠭᠡ ᠠᠮᠠ ᠨᠢᠭᠡ ᠢᠯᠭᠠᠬᠤ ᠲᠡᠮᠳᠡᠭ︾ ᠤᠨ ᠱᠠᠭᠠᠷᠳᠠᠯᠭ᠎ᠠ ᠶᠣᠰᠣᠭᠠᠷ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃    ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠤᠨᠢᠨ ᠳᠡᠭᠡᠷ᠎ᠡ ᠨᠢ ᠤᠭ ᠦᠨᠳᠦᠰᠦ ᠶᠢ ᠨᠢ ᠡᠷᠢᠬᠦ    ᠰᠠᠭᠤᠷᠢ ᠲᠤᠭ᠎ᠠ ᠶᠢ ᠲᠣᠳᠣᠷᠬᠠᠶ ᠮᠡᠳᠡᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠯᠢᠨ ᠳ᠋ᠦᠩ ᠠᠵᠤ ᠦᠶ᠋ᠯᠡᠰ ᠤᠨ ᠬᠦᠷᠢᠶᠡᠯᠡᠩ ᠤᠨ ᠠᠯᠪᠠᠨ ᠬᠡᠷ ᠠᠴᠠ ᠲᠣᠰ ᠬᠠᠷᠢᠶ᠎ᠠ ᠣᠷᠣᠨ ᠤ ᠪᠠᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠴᠠᠭᠠᠨ ᠮᠥᠷᠳᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢ ᠲᠣᠳᠣᠷᠬᠠᠶ ᠪᠣᠯᠭᠠᠨ᠎ᠠ᠃ ︽ᠬᠡᠨ ᠪᠣᠬᠢᠷᠲᠤᠭᠤᠯᠤᠭᠰᠠᠨ ᠪᠣᠯ ᠲᠡᠷᠡ ᠵᠠᠰᠠᠬᠤ︾ ᠪᠠ ᠬᠤᠰᠢᠭᠤᠨ ᠵᠠᠰᠠᠭ ᠤᠨ ᠣᠷᠳᠣᠨ ᠤ ᠦᠨᠳᠦᠰᠦᠨ ᠵᠦᠶ᠋ᠯ ᠢ ᠪᠠᠲᠤᠯᠠᠬᠤ ᠵᠠᠷᠴᠢᠮ ᠶᠣᠰᠣᠭᠠᠷ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠨᠠᠷᠢᠨ ᠲᠠᠩᠰᠠ ᠶᠢ ᠪᠠᠶᠢᠭᠤᠯᠤᠨ᠎ᠠ᠃ ᠬᠠᠷᠢᠭᠤᠴᠠᠯᠭ᠎ᠠ ᠶᠢᠨ ᠭᠤᠤᠯ ᠴᠣᠭᠴᠠ ᠨᠢ ᠡᠬᠢ ᠡᠭᠦᠰᠦᠯ ᠠᠴᠠ ᠨᠢ ᠵᠠᠰᠠᠬᠤ ᠵᠢᠴᠢ ᠪᠣᠬᠢᠷ ᠪᠣᠳᠠᠰ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ᠂ ᠵᠢᠷᠤᠮᠵᠢᠭᠤᠯᠤᠨ ᠪᠠᠶᠢᠭᠤᠯᠬᠤ᠂ ᠬᠠᠮᠠᠭᠠᠯᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ    ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠥᠷᠥᠯ ᠬᠤᠪᠢᠶᠠᠬᠤ ᠶᠢ ᠲᠣᠳᠣᠷᠬᠠᠶᠢᠯᠠᠨ᠎ᠠ᠃ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠬᠠᠷᠢᠶ᠎ᠠ ᠠᠵᠢᠯ ᠲᠥᠷᠥᠯ ᠵᠢᠴᠢ ᠭᠠᠳᠠᠭᠰᠢᠯᠠᠭᠤᠯᠬᠤ ᠣᠨᠴᠠᠯᠢᠭ ᠢ ᠦᠨᠳᠦᠰᠦᠯᠡᠨ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠠᠵᠤ ᠦᠶ᠋ᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ᠂ ᠬᠤᠲᠠ ᠪᠠᠯᠭᠠᠰᠤ ᠶᠢᠨ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ᠂ ᠲᠠᠷᠢᠶᠠᠯᠠᠩ ᠤᠨ ᠭᠠᠳᠠᠭᠰᠢᠯᠠᠭᠤᠯᠬᠤ ᠠᠮᠠ᠂ ᠪᠤᠰᠤᠳ ᠭᠠᠳᠠᠭᠰᠢᠯᠠᠭᠤᠯᠬᠤ ᠠᠮᠠ ᠵᠡᠷᠭᠡ ᠳᠥᠷᠪᠡᠨ ᠲᠥᠷᠥᠯ ᠳᠤ ᠬᠤᠪᠢᠶᠠᠨ᠎ᠠ᠃ ︽ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠨᠡᠷᠡᠶᠢᠳᠬᠦ ᠪᠠ ᠳ᠋ᠤᠭᠠᠷᠯᠠᠬᠤ ᠲᠦᠷᠢᠮ︾ ︵HJ1235 — 2021︶ ᠤᠨ ᠶᠣᠰᠣᠭᠠᠷ ᠬᠠᠷᠢᠶᠠᠲᠤ ᠣᠷᠣᠨ ᠤ ᠳᠣᠲᠣᠷᠠᠬᠢ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠨᠡᠷᠡᠶᠢᠳᠬᠦ ᠪᠠ ᠳ᠋ᠤᠭᠠᠷᠯᠠᠨ᠎ᠠ᠃    ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠵᠢᠭᠰᠠᠭᠠᠨ ᠪᠠᠶᠢᠴᠠᠭᠠᠵᠤ ᠡᠬᠢ ᠡᠭᠦᠰᠦᠯ ᠢ ᠨᠢ ᠡᠷᠢᠭᠰᠡᠨ ᠪᠠ ︽ᠡᠷᠬᠢᠨ ᠬᠠᠷᠠᠭᠰᠠᠨ︾ ᠦᠷ᠎ᠡ ᠳ᠋ᠦᠩ ᠢ ᠦᠨᠳᠦᠰᠦᠯᠡᠨ᠂ ᠰᠢᠨ᠎ᠡ ᠪᠠᠷ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ︽ᠨᠢᠭᠡ ᠪᠦᠯᠦᠭ ᠢ ᠬᠠᠤᠯᠢ ᠶᠣᠰᠣᠭᠠᠷ ᠴᠠᠭᠠᠵᠠᠯᠠᠵᠤ᠂ ᠨᠢᠭᠡ ᠪᠦᠯᠦᠭ ᠢ ᠢᠯᠭᠠᠷᠠᠭᠤᠯᠤᠨ ᠨᠡᠶᠢᠯᠡᠭᠦᠯᠵᠦ᠂ ᠨᠢᠭᠡ ᠪᠦᠯᠦᠭ ᠢ ᠵᠢᠷᠤᠮᠵᠢᠭᠤᠯᠤᠨ ᠴᠡᠭᠴᠡᠯᠡᠨ ᠵᠠᠰᠠᠬᠤ︾ ᠱᠠᠭᠠᠷᠳᠠᠯᠭ᠎ᠠ ᠶᠣᠰᠣᠭᠠᠷ᠂ ᠪᠣᠬᠢᠷᠲᠤᠯ ᠢ ᠬᠠᠰᠢᠵᠤ ᠪᠣᠬᠢᠷᠲᠤᠯ ᠢ ᠵᠠᠰᠠᠬᠤ ᠪᠠᠷ ᠭᠤᠤᠯᠳᠠᠯᠭ᠎ᠠ ᠪᠣᠯᠭᠠᠨ᠂ ᠴᠡᠭᠴᠡᠯᠡᠨ ᠵᠠᠰᠠᠨ᠎ᠠ᠃ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠠᠭᠠᠵᠠᠯᠠᠭᠰᠠᠨ ᠪᠠ ᠨᠡᠶᠢᠯᠡᠭᠦᠯᠦᠭᠰᠡᠨ ᠤ ᠳᠠᠷᠠᠭ᠎ᠠ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠬᠠᠰᠢᠯᠭ᠎ᠠ ᠳᠠᠯᠠᠩ ᠤᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ ᠪᠠᠶᠢᠭᠠᠳ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃    ︵ᠭᠤᠷᠪᠠ︶ ᠴᠡᠭᠴᠡᠯᠡᠨ ᠵᠠᠰᠠᠬᠤ ᠠᠷᠭ᠎ᠠ ᠬᠡᠮᠵᠢᠶ᠎ᠡ    ᠨᠢᠭᠡ ᠪᠦᠯᠦᠭ ᠬᠥᠮᠦᠰ ᠢ ᠬᠠᠤᠯᠢ ᠶᠣᠰᠣᠭᠠᠷ ᠴᠠᠭᠠᠵᠠᠯᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠪᠤᠰᠤᠳ ᠣᠨᠴᠣᠭᠤᠶ ᠬᠠᠮᠠᠭᠠᠯᠠᠬᠤ ᠴᠢᠬᠤᠯᠠᠲᠠᠶ ᠣᠷᠣᠨ ᠪᠦᠰᠡ ᠶᠢᠨ ᠳᠣᠲᠣᠷ᠎ᠠ ᠭᠠᠷᠭᠠᠭᠰᠠᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠨᠤᠷᠠᠭᠠᠯᠭᠠᠬᠤ᠂ ᠵᠠᠷᠯᠢᠭᠳᠠᠵᠤ ᠪᠠᠶᠢᠭᠠᠳ ᠬᠠᠭᠠᠯᠭᠠᠬᠤ ᠵᠡᠷᠭᠡ ᠠᠷᠭ᠎ᠠ ᠬᠡᠮᠵᠢᠶ᠎ᠡ ᠠᠪᠴᠤ ᠬᠦᠴᠦᠨ ᠥᠬᠡᠶ ᠪᠣᠯᠭᠠᠬᠤ ᠬᠡᠷᠡᠭᠲᠡᠶ᠃    ᠨᠢᠭᠡ ᠪᠦᠯᠦᠭ ᠬᠥᠮᠦᠰ ᠢ ᠢᠯᠭᠠᠷᠠᠭᠤᠯᠤᠨ ᠲᠢᠭᠯᠡᠵᠦ ᠨᠡᠶᠢᠯᠡᠭᠦᠯᠦᠨ᠎ᠡ᠃ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠶ ᠶᠢᠨ ᠲᠣᠤᠷ ᠤᠨ ᠪᠦᠷᠬᠦᠴᠡ ᠶᠢᠨ ᠬᠡᠪᠴᠢᠶᠡᠨ ᠳᠣᠲᠣᠷᠠᠬᠢ ᠠᠮᠢᠳᠤᠷᠠᠯ ᠤᠨ ᠪᠣᠬᠢᠷ ᠤᠰᠤ ᠶᠢ ᠰᠠᠯᠭᠠᠨ ᠭᠠᠳᠠᠭᠰᠢᠯᠠᠭᠤᠯᠬᠤ ᠠᠮᠠᠰᠠᠷ ᠢ ᠪᠣᠬᠢᠷ ᠤᠰᠤ ᠶᠢ ᠲᠤᠰᠴᠤ ᠬᠤᠭᠤᠯᠠᠶ ᠬᠤᠷᠢᠶᠠᠬᠤ ᠪᠠᠷ ᠳᠠᠮᠵᠢᠭᠤᠯᠤᠨ ᠴᠡᠪᠡᠷᠯᠡᠨ ᠨᠡᠶᠢᠯᠡᠭᠦᠯᠵᠦ᠂ ᠣᠯᠠᠨ ᠭᠠᠳᠠᠭᠰᠢᠯᠠᠭᠤᠯᠬᠤ ᠠᠮᠠᠰᠠᠷ ᠲᠠᠢ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠨᠢ ᠪᠣᠬᠢᠷ ᠤᠰᠤ ᠶᠢ ᠭᠠᠳᠠᠭᠰᠢᠯᠠᠭᠤᠯᠬᠤ ᠠᠮᠠᠰᠠᠷ ᠢ ᠨᠡᠶᠢᠯᠡᠭᠦᠯᠦᠨ ᠥᠭᠡᠷᠡᠴᠢᠯᠡᠬᠦ ᠬᠡᠷᠡᠭᠲᠡᠶ᠃    ᠨᠢᠭᠡ ᠪᠦᠯᠦᠭ ᠢ ᠵᠢᠷᠤᠮᠵᠢᠭᠤᠯᠤᠨ ᠴᠡᠭᠴᠡᠯᠡᠨ ᠵᠠᠰᠠᠨ᠎ᠠ᠃ ᠦᠨᠡᠨᠬᠦ ᠦᠯᠡᠳᠡᠭᠡᠬᠦ ᠴᠢᠬᠤᠯᠠ ᠲᠠᠢ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠷᠢᠯᠠᠭᠤᠯᠬᠤ ᠳᠤ ᠰᠢᠨᠵᠢᠯᠡᠬᠦ ᠤᠬᠠᠭᠠᠨᠴᠢ ᠴᠢᠨᠠᠷ᠂ ᠵᠦᠶ ᠵᠣᠬᠢᠰᠲᠠᠶ ᠴᠢᠨᠠᠷ᠂ ᠪᠥᠲᠥᠭᠡᠨ ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷ ᠵᠡᠷᠭᠡ ᠲᠠᠯ᠎ᠠ ᠪᠠᠷ ᠴᠡᠭᠴᠡᠯᠡᠨ ᠵᠠᠰᠠᠬᠤ ᠴᠢᠬᠤᠯᠠ ᠲᠠᠢ ᠠᠰᠠᠭᠤᠳᠠᠯ ᠢ ᠲᠣᠳᠣᠷᠬᠠᠶᠢᠯᠠᠵᠤ᠂ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃    ︵ᠲᠥᠷᠪᠡ︶ ᠪᠠᠶᠢᠷᠢᠯᠠᠭᠤᠯᠤᠨ ᠬᠢᠨᠠᠨ ᠬᠠᠷᠭᠤᠭᠤᠯᠬᠤ ᠶᠢ ᠵᠢᠷᠤᠮᠵᠢᠭᠤᠯᠵᠤ᠂ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠳᠠᠯᠠᠨ᠎ᠠ    ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ᠂ ᠤᠰᠤᠨ ᠤ ᠴᠢᠳᠠᠮᠵᠢᠲᠦ ᠣᠷᠣᠨ ᠤ ᠬᠤᠪᠢᠶᠠᠷᠢᠯᠠᠯ ᠵᠡᠷᠭᠡ ᠲᠥᠯᠥᠪᠵᠢᠭᠦᠯᠭᠡ ᠶᠢᠨ ᠣᠷᠣᠨ ᠤ ᠬᠤᠪᠢᠶᠠᠷᠢᠯᠠᠯ ᠯᠤᠭ᠎ᠠ ᠨᠢᠭᠲᠠ ᠤᠶᠠᠯᠳᠤᠭᠤᠯᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠷᠢᠯᠠᠭᠤᠯᠬᠤ ᠲᠤᠬᠠᠶ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠬᠢᠨᠠᠨ ᠵᠥᠪᠰᠢᠶᠡᠷᠡᠬᠦ ᠶᠢ ᠴᠢᠩᠭ᠎ᠠ ᠵᠢᠷᠤᠮᠵᠢᠭᠤᠯᠤᠨ᠎ᠠ᠃ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠵᠢᠴᠢ ᠪᠤᠰᠤᠳ ᠡᠯ᠎ᠡ ᠲᠦᠷᠦᠯ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ᠂ ᠬᠤᠲᠠ ᠪᠠᠯᠭᠠᠰᠤ ᠶᠢᠨ ᠪᠣᠬᠢᠷ ᠤᠰᠤ ᠰᠢᠶ᠋ᠳᠪᠦᠷᠢᠯᠡᠬᠦ ᠦᠢᠯᠡᠳᠪᠦᠷᠢ ᠶᠢᠨ ᠪᠣᠬᠢᠷ ᠤᠰᠤ ᠭᠠᠳᠠᠭᠰᠢᠯᠠᠭᠤᠯᠬᠤ ᠠᠮᠠᠰᠠᠷ ᠭᠠᠷᠭᠠᠬᠤ ᠳᠤ ᠬᠠᠤᠯᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠬᠤ ᠲᠦᠷᠢᠮ ᠢ ᠬᠡᠷᠡᠭᠵᠢᠭᠦᠯᠦᠨ᠎ᠡ᠃ ᠤᠰᠤᠨ ᠤ ᠴᠢᠨᠠᠷ ᠤᠨ ᠬᠠᠷᠠᠯᠲᠠ ᠳᠤ ᠬᠦᠷᠦᠭᠰᠡᠨ ᠥᠬᠡᠶ ᠤᠰᠤᠨ ᠤ ᠴᠢᠳᠠᠮᠵᠢᠳᠣ ᠣᠷᠣᠨ ᠳᠤ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠭᠠᠷᠭᠠᠪᠠᠯ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃    ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠪᠣᠬᠢᠷ ᠪᠣᠳᠠᠰ ᠭᠠᠳᠠᠭᠰᠢᠯᠠᠭᠤᠯᠬᠤ ᠠᠮᠠᠰᠠᠷ ᠤᠨ ᠲᠥᠷᠥᠯ ᠬᠡᠯᠪᠡᠷᠢ᠂ ᠬᠠᠷᠢᠭᠤᠴᠠᠯᠭ᠎ᠠ ᠶᠢᠨ ᠭᠤᠤᠯ ᠴᠣᠭᠴᠠ ᠵᠢᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠡᠷᠭᠡ ᠶᠢ ᠦᠨᠳᠦᠰᠦᠯᠡᠨ᠂ ᠦᠯᠡᠳᠡᠭᠡᠭᠰᠡᠨ ᠭᠤᠤᠯ ᠤᠷᠤᠭᠤ ᠪᠣᠬᠢᠷ ᠪᠣᠳᠠᠰ ᠭᠠᠳᠠᠭᠰᠢᠯᠠᠭᠤᠯᠬᠤ ᠠᠮᠠᠰᠠᠷ ᠲᠤ ︽ᠪᠣᠬᠢᠷ ᠪᠣᠳᠠᠰ ᠭᠠᠳᠠᠭᠰᠢᠯᠠᠭᠤᠯᠬᠤ ᠨᠢᠭᠡᠴᠡ — ᠪᠣᠬᠢᠷ ᠪᠣᠳᠠᠰ ᠭᠠᠳᠠᠭᠰᠢᠯᠠᠭᠤᠯᠬᠤ ᠵᠠᠮ — ᠪᠣᠬᠢᠷ ᠪᠣᠳᠠᠰ ᠭᠠᠳᠠᠭᠰᠢᠯᠠᠭᠤᠯᠬᠤ ᠠᠮᠠᠰᠠᠷ — ᠤᠰᠤᠨ ᠴᠣᠭᠴᠠ︾ ᠶᠢ ᠬᠡᠷᠡᠭᠵᠢᠭᠦᠯᠬᠦ ᠪᠥᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃    ᠡᠳᠦᠷ ᠲᠤᠳᠤᠮ ᠤᠨ ᠬᠢᠨᠠᠨ ᠬᠡᠮᠵᠢᠯᠲᠡ ᠶᠢ ᠠᠵᠤ ᠠᠬᠤᠶᠢᠯᠠᠯ ᠤᠳ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠪᠠᠶᠢᠷᠢᠯᠠᠭᠤᠯᠤᠯᠲᠠ ᠶᠢ ᠬᠢᠨᠠᠨ ᠬᠠᠷᠭᠤᠭᠤᠯᠬᠤ᠂ ᠣᠷᠴᠢᠨ ᠲᠣᠭᠤᠷᠢᠨ ᠤ ᠦᠨᠡᠯᠡᠯᠲᠡ ᠶᠢᠨ ᠪᠢᠴᠢᠭ ᠮᠠᠲ᠋ᠧᠷᠢᠶᠠᠯ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠪᠤᠶᠤ ᠠᠵᠢᠯ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠶᠢ ᠬᠢᠨᠠᠨ ᠬᠡᠮᠵᠢᠬᠦ ᠱᠠᠭᠠᠷᠳᠠᠯᠭ᠎ᠠ ᠶᠢ ᠦᠨᠳᠦᠰᠦᠯᠡᠨ᠂ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠭᠠᠷᠭᠠᠭᠰᠠᠨ ᠤᠰᠤᠨ ᠤ ᠴᠢᠨᠠᠷ ᠢ ᠥᠪᠡᠰᠦᠪᠡᠨ ᠬᠢᠨᠠᠨ ᠬᠡᠮᠵᠢᠬᠦ ᠶᠢᠨ ᠬᠠᠮᠲᠤ ᠮᠡᠳᠡᠭᠡ ᠵᠠᠩᠭᠢ ᠶᠢ ᠢᠯᠡ ᠪᠣᠯᠭᠠᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠱᠠᠭᠠᠷᠳᠠᠯᠭ᠎ᠠ ᠶᠣᠰᠣᠭᠠᠷ ᠬᠢᠨᠠᠯᠲᠠ ᠲᠠᠯᠪᠢᠬᠤ ᠴᠢᠨᠠᠷᠲᠠᠶ ᠬᠢᠨᠠᠨ ᠬᠡᠮᠵᠢᠯᠲᠡ ᠶᠢ ᠥᠷᠨᠢᠭᠦᠯᠬᠦ ᠬᠡᠷᠡᠭᠲᠡᠶ᠃    ᠣᠷᠴᠢᠨ ᠠᠬᠤᠶ ᠶᠢᠨ ᠬᠠᠤᠯᠢ ᠶᠢ ᠴᠢᠩᠭ᠎ᠠ ᠬᠡᠷᠡᠭᠵᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠠᠵᠤ ᠦᠶ᠋ᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠶ᠋ᠯᠡᠳᠪᠦᠷᠢ ᠵᠢᠴᠢ ᠪᠤᠰᠤᠳ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠲᠠ ᠪᠠᠯᠭᠠᠰᠤ ᠶᠢᠨ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠬᠦ ᠰᠢᠰᠲ᠋ᠧᠮ ᠳᠤ ᠣᠷᠣᠭᠤᠯᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠪᠠᠨ ᠴᠢᠩᠭᠠᠳᠬᠠᠨ᠎ᠠ᠃    ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠠᠵᠢᠯ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ᠂ ᠳᠡᠭᠡᠳᠦ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠪᠥᠬᠦ ᠣᠷᠣᠨ ᠤ ᠨᠢᠭᠡᠳᠦᠯᠲᠡᠶ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号