︽ᠪᠠᠭᠠᠷᠢᠨ ᠵᠡᠭᠦᠨ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/18
 2023 ᠣᠨ ᠳᠤ᠂ ᠬᠤᠰᠢᠭᠤᠨ ᠤ ᠵᠠᠰᠠᠭ ᠤᠨ ᠣᠷᠳᠣᠨ ᠠᠴᠠ ︽ᠪᠠᠭᠠᠷᠢᠨ ᠵᠡᠭᠦᠨ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ︵ᠵᠡᠭᠦᠨ ᠵᠠᠰᠠᠭ ᠠᠯᠪᠠᠨ ᠲᠠᠷᠬᠠᠭᠠᠭᠰᠠᠨ ︹ 2023 ︺ 11 ᠳ᠋ᠦᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠣᠰ ᠲᠥᠰᠦᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄    ᠨᠢᠭᠡ᠂ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ ᠵᠢᠴᠢ ᠨᠡᠶᠢᠲᠡᠯᠡᠭᠰᠡᠨ ᠵᠣᠷᠢᠯᠭ᠎ᠠ    2021 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢᠨ ᠲᠣᠬᠢᠷᠠᠭᠤᠯᠤᠯᠲᠠ ᠶᠢ ᠰᠠᠶᠢᠲᠤᠷ ᠬᠢᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠠᠮᠲᠤᠯᠢᠭ ᠵᠡᠷᠭᠡ ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠦᠶ᠋ᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠬᠤᠶᠠᠷ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠬᠠᠷᠠᠯᠲᠠ ᠶᠢᠨ ᠡᠭᠦᠷᠭᠡ    ᠨᠤᠷᠠᠬᠤ ᠠᠶᠤᠯᠲᠠᠶ ᠬᠡᠷ ᠪᠠᠶᠢᠰᠢᠩ ᠢ ᠰᠡᠯᠪᠢᠨ ᠵᠠᠰᠠᠬᠤ ᠪᠠ ᠰᠢᠨ᠎ᠡ ᠪᠠᠷ ᠪᠠᠶᠢᠭᠤᠯᠬᠤ ᠥᠭᠡᠷᠡᠴᠢᠯᠡᠯᠲᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ︽6 ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ ︽6 ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠭᠡᠳᠡᠭ ᠨᠢ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠡᠷᠦᠬᠡ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠥᠳᠡᠭᠡ ᠲᠣᠰᠬᠤᠨ ᠤ ᠲᠠᠷᠠᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ ᠡᠪᠡᠳᠴᠢᠨ ᠤ ᠰᠢᠯᠲᠠᠭᠠᠨ ᠪᠠ ᠭᠠᠮᠰᠢᠭ ᠠᠴᠠ ᠪᠣᠯᠵᠣ ᠰᠠᠨᠠᠭᠠᠨ ᠳᠤ ᠥᠬᠡᠶ ᠠᠳᠡᠯ ᠵᠡᠷᠭᠡ ᠵᠠᠶᠢᠯᠠᠰᠢ ᠥᠬᠡᠶ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠬᠡᠷ ᠪᠦᠯᠢ ᠵᠡᠷᠭᠡ᠂ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢ ᠵᠢᠭᠠᠵᠤ ᠪᠣᠶ᠃    ᠭᠤᠷᠪᠠ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠭᠤᠣᠯᠳᠠᠯᠭ᠎ᠠ ᠲᠠᠢ ᠠᠵᠢᠯ    ︵ᠨᠢᠭᠡ︶ ᠨᠤᠷᠠᠬᠤ ᠠᠶᠤᠯᠲᠠᠶ ᠭᠡᠷ ᠪᠠᠶᠢᠰᠢᠩ  ᠢ ᠦᠨᠡᠮᠰᠢᠬᠦ ᠪᠠ ᠬᠢᠨᠠᠨ ᠲᠣᠭᠲᠠᠭᠠᠬᠤ ᠠᠵᠢᠯ᠃ ᠡᠭᠦᠨ ᠳᠤ ᠭᠤᠷᠪᠠᠨ ᠲᠠᠯ᠎ᠠ ᠪᠠᠷ ᠬᠤᠪᠢᠶᠠᠨ᠎ᠠ᠄ ᠨᠢᠭᠡ ᠳᠤ ᠮᠠᠯᠵᠢᠬᠤ ᠲᠠᠷᠢᠶᠠᠯᠠᠬᠤ ᠡᠷᠦᠬᠡ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠪᠠᠷ ᠭᠤᠶᠤᠴᠢᠯᠠᠬᠤ ᠲᠥᠷᠥᠯ ᠵᠦᠢᠯ ᠢᠶᠠᠨ ᠥᠪᠡᠰᠦᠪᠡᠨ ᠳᠡᠭᠡᠭᠰᠢ ᠮᠡᠳᠡᠭᠦᠯᠵᠦ᠂ ᠰᠤᠮᠤ ᠰᠢᠶᠠᠩ ᠪᠠᠯᠭᠠᠰᠤ ᠠᠴᠠ ᠭᠤᠶᠤᠴᠢᠯᠠᠭᠰᠠᠨ ᠡᠷᠦᠬᠡ ᠶᠢᠨ ᠬᠥᠮᠦᠨ ᠤ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠭᠤᠶᠤᠴᠢᠯᠠᠭᠰᠠᠨ ᠡᠷᠦᠬᠡ ᠶᠢᠨ ᠬᠡᠷ ᠪᠠᠶᠢᠰᠢᠩ ᠳᠤ ᠡᠷᠦᠬᠡ ᠳᠤ ᠣᠷᠣᠵᠤ ᠬᠢᠨᠠᠨ ᠲᠣᠭᠲᠠᠭᠠᠯᠲᠠ ᠬᠢᠨ᠎ᠠ︔ ᠬᠤᠶᠠᠷ ᠲᠤ ᠰᠤᠮᠤ ᠰᠢᠶᠠᠩ ᠪᠠᠯᠭᠠᠰᠤ ᠬᠠᠷᠢᠶ᠎ᠠ ᠣᠷᠣᠨ ᠤ ᠪᠠᠨ ᠬᠡᠷ ᠪᠠᠶᠢᠰᠢᠩ ᠳᠤ ᠵᠢᠭᠰᠠᠭᠠᠨ ᠪᠠᠶᠢᠴᠠᠭᠠᠯᠲᠠ ᠬᠢᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠶᠤᠯᠲᠠᠶ ᠬᠡᠷ ᠪᠠᠶᠢᠰᠢᠩ ᠳᠤ ᠲᠤᠭ᠎ᠠ ᠪᠦᠷᠢᠳᠬᠡᠯ ᠬᠢᠬᠦ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠡᠷ ᠪᠠᠶᠢᠰᠢᠩ ᠤᠨ ᠬᠢᠨᠠᠨ ᠲᠣᠭᠲᠠᠭᠠᠯᠲᠠ ᠬᠢᠯᠭᠡᠨ᠎ᠡ︔ ᠭᠤᠷᠪᠠ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠪᠣᠶ ᠪᠥᠬᠦᠶ ᠨᠤᠷᠠᠬᠤ ᠠᠶᠤᠯᠲᠠᠶ ᠬᠡᠷ ᠪᠠᠶᠢᠰᠢᠩ ᠳᠤ ᠵᠢᠭᠰᠠᠭᠠᠨ ᠪᠠᠶᠢᠴᠠᠭᠠᠯᠲᠠ ᠬᠢᠵᠦ᠂ ︽6 ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠲᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠨᠤᠷᠠᠬᠤ ᠠᠶᠤᠯᠲᠠᠶ ᠬᠡᠷ ᠪᠠᠶᠢᠰᠢᠩ ᠤᠨ ᠬᠠᠳᠠᠭᠠᠯᠠᠯᠲᠠ ᠶᠢᠨ ᠡᠬᠡ ᠲᠠᠩᠰᠠ ᠶᠢ ᠪᠠᠶᠢᠭᠤᠯᠤᠨ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠲᠡᠭᠡᠳ ᠲᠤ ᠵᠢᠭᠰᠠᠭᠠᠨ ᠣᠷᠣᠭᠤᠯᠬᠤ ᠪᠠᠷ ᠪᠠᠶᠢᠭ᠎ᠠ ᠪᠣᠯ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ︽ᠬᠥᠳᠡᠭᠡ ᠲᠣᠰᠬᠤᠨ ᠤ ᠠᠶᠤᠯᠲᠠᠶ ᠬᠡᠷ ᠪᠠᠶᠢᠰᠢᠩ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠣᠭᠤᠳᠬᠤ ᠲᠦᠷᠢᠮ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠨᠤᠷᠠᠬᠤ ᠠᠶᠤᠯᠲᠠᠶ ᠬᠡᠷ ᠪᠠᠶᠢᠰᠢᠩ ᠢ ᠬᠢᠨᠠᠨ ᠲᠣᠭᠲᠠᠭᠠᠬᠤ ᠲᠠᠰ ᠳᠠᠷᠠᠭᠠᠯᠠᠯ ᠪᠠ ᠪᠠᠷᠢᠮᠵᠢᠶ᠎ᠠ ᠶᠣᠰᠣᠭᠠᠷ ᠬᠢᠨᠠᠨ ᠲᠣᠭᠲᠠᠭᠠᠯᠲᠠ ᠬᠢᠵᠦ᠂ ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠬᠢᠵᠦ᠂ ᠨᠤᠷᠠᠬᠤ ᠠᠶᠤᠯᠲᠠᠶ ᠬᠡᠷ ᠪᠠᠶᠢᠰᠢᠩ ᠢ ᠬᠢᠨᠠᠨ ᠲᠣᠭᠲᠠᠭᠠᠬᠤ ᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠨᠠᠨ ᠲᠣᠭᠲᠠᠭᠠᠯᠲᠠ ᠪᠠᠷ ᠪᠠᠷᠢᠮᠵᠢᠶ᠎ᠠ ᠪᠣᠯᠭᠠᠨ᠎ᠠ᠃    ︵ᠬᠤᠶᠠᠷ︶ ᠲᠦᠭᠰᠢᠭᠦᠷᠢ ᠲᠠᠢ ᠥᠭᠡᠷᠡᠴᠢᠯᠡᠯᠲᠡ ᠶᠢᠨ ᠡᠷᠦᠬᠡ ᠶᠢᠨ ᠬᠥᠮᠦᠨ ᠤ ᠪᠡᠶ᠎ᠡ ᠶᠢᠨ ᠭᠠᠷᠤᠯ ᠢ ᠮᠠᠭᠠᠳᠯᠠᠨ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ᠄ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠥᠳᠡᠭᠡ ᠲᠣᠰᠬᠤᠨ ᠤ ᠲᠠᠷᠠᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ ᠪᠠ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠲᠠᠬᠢ ᠬᠡᠷ ᠪᠦᠯᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ ᠵᠦᠶ᠋ᠯ ᠤᠨ    ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠄ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠡᠷᠦᠬᠡ᠂ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ ᠵᠦᠶ᠋ᠯ ᠤᠨ ᠬᠡᠷᠡᠭᠵᠢᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠨ᠎ᠠ᠃    ᠵᠡᠮᠳᠡᠭᠴᠦᠳ ᠤᠨ ᠬᠤᠯᠪᠣᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠠᠷᠢᠶᠠᠯᠠᠩ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠤᠯᠤᠰ ᠤᠨ ᠭᠠᠵᠠᠷ ᠰᠢᠷᠣᠶ ᠵᠡᠷᠭᠡ ᠰᠠᠯᠠᠭ᠎ᠠ ᠮᠥᠴᠢᠷ ᠤᠳ ᠴᠦ ᠲᠣᠰ ᠲᠣᠰ ᠤᠨ ᠡᠭᠦᠷᠭᠡ ᠴᠢᠳᠠᠪᠤᠷᠢ ᠶᠢᠨ ᠬᠡᠪᠴᠢᠶ᠎ᠡ ᠪᠠᠨ ᠦᠨᠳᠦᠰᠦᠯᠡᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠥᠭᠡᠷᠡᠴᠢᠯᠡᠬᠦ ᠬᠢᠷᠢ ᠬᠡᠮ ᠳᠤ ᠨᠡᠶᠢᠴᠡᠪᠡᠯ ᠰᠠᠶ᠋ᠢ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠵᠦᠢᠯᠡᠰ ᠢ ᠡᠳ᠋ᠯᠡᠵᠦ ᠪᠣᠯᠤᠨ᠎ᠠ᠃    ︵ᠭᠤᠷᠪᠠ︶ ᠨᠤᠷᠠᠬᠤ ᠠᠶᠤᠯᠲᠠᠶ ᠭᠡᠷ ᠪᠠᠶᠢᠰᠢᠩ ᠟ ᠢ ᠰᠢᠨᠡᠳᠬᠡᠨ ᠵᠠᠰᠠᠵᠤ ᠪᠥᠳᠥᠭᠡᠨ ᠪᠠᠶᠢᠭᠤᠯᠬᠤ ᠱᠠᠭᠠᠷᠳᠠᠯᠭ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠷᠭ᠎ᠠ ᠮᠠᠶ᠋ᠢᠭ ᠢ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠬᠤ ᠭᠡᠵᠦ ᠬᠤᠪᠢᠶᠠᠨ᠎ᠠ᠂ ᠥᠭᠡᠷᠡᠴᠢᠯᠡᠨ ᠵᠠᠰᠠᠬᠤ ᠠᠷᠭ᠎ᠠ ᠮᠠᠶ᠋ᠢᠭ ᠢ ᠭᠡᠷ ᠪᠠᠶᠢᠰᠢᠩ ᠤᠨ ᠠᠶᠤᠯᠭᠦᠶ ᠶᠢᠨ ᠵᠡᠷᠭᠡ ᠳᠡᠰ ᠢ ᠦᠨᠳᠦᠰᠦᠯᠡᠨ ᠦᠨᠡᠯᠡᠨ ᠲᠣᠭᠲᠠᠭᠠᠬᠤ ᠪᠠ ᠨᠤᠲᠠᠯᠠᠨ ᠲᠣᠭᠲᠠᠭᠠᠨ᠎ᠠ᠃ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢᠨ ᠬᠡᠷ ᠪᠠᠶᠢᠰᠢᠩ ᠢ ᠡᠷᠬᠡᠪᠰᠢ ᠮᠠᠯᠴᠢᠨ ᠲᠠᠷᠢᠶᠠᠴᠢᠨ ᠤ ᠬᠡᠷ ᠪᠠᠶᠢᠰᠢᠩ ᠤᠨ ᠰᠠᠭᠤᠷᠢ ᠭᠠᠵᠠᠷ᠂ ᠬᠠᠮᠲᠤ ᠶᠢᠨ ᠭᠠᠵᠠᠷ ᠰᠢᠷᠣᠶ ᠶᠢᠨ ᠪᠥᠲᠥᠭᠡᠨ ᠪᠠᠶᠢᠭᠤᠯᠤᠯᠲᠠ ᠬᠢᠬᠦ ᠬᠡᠷᠡᠭᠲᠡᠶ᠂ ᠣᠨᠴᠣᠭᠤᠶ ᠪᠠᠶᠢᠳᠠᠯ ᠥᠬᠡᠶ ᠪᠠᠷ ᠲᠠᠪᠤᠨ ᠵᠢᠯ ᠤᠨ ᠳᠣᠲᠣᠷ᠎ᠠ ᠡᠷᠦᠬᠡ ᠰᠢᠯᠵᠢᠭᠦᠯᠬᠦ ᠭᠠᠷ ᠭᠦᠶ᠋ᠴᠡᠳᠬᠡᠯ ᠬᠢᠵᠦ ᠪᠣᠯᠬᠤ ᠥᠬᠡᠶ᠂ ᠬᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠥᠬᠡᠶ᠂ ᠤᠯᠤᠰ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠪᠠᠯᠠ ᠮᠥᠩᠭᠦ ᠶᠢ ᠤᠬᠠᠭᠠᠯᠠᠨ ᠠᠪᠬᠤ ᠶᠢᠨ ᠲᠥᠯᠥᠭᠡ ᠨᠢᠭᠡ ᠡᠷᠦᠬᠡ ᠳᠤ ᠡᠷᠦᠬᠡ ᠠᠮᠠ ᠰᠠᠯᠭᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ ᠡᠷᠦᠬᠡ ᠶᠢᠨ ᠬᠡᠷ ᠪᠠᠶᠢᠰᠢᠩ ᠤᠨ ᠶᠠᠰᠤ ᠴᠢᠨᠠᠷ ᠵᠢᠴᠢ ᠲᠠᠯᠠᠪᠠᠶ ᠶᠢ ᠡᠷᠬᠡᠪᠰᠢ ᠭᠠᠵᠠᠷ ᠬᠥᠳᠡᠯᠦᠯᠲᠡ ᠲᠠᠢ ᠲᠡᠮᠡᠴᠡᠵᠦ ᠬᠠᠭᠠᠷᠠᠬᠤ ᠶᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠨᠠᠭᠠᠳᠤ ᠵᠠᠬ᠎ᠠ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ︵ᠲᠤᠷᠰᠢᠨ ᠬᠡᠷᠡᠭᠵᠢᠭᠦᠯᠬᠦ︶︾ ᠶᠢ ᠬᠡᠷᠡᠭᠵᠢᠭᠦᠯᠵᠦ᠂ ᠵᠠᠷᠴᠢᠮ ᠳᠡᠭᠡᠷ᠎ᠡ ᠪᠠᠨ᠄ 1-3 ᠬᠥᠮᠦᠨ ᠠᠮᠠ ᠲᠠᠢ ᠡᠷᠦᠬᠡ ᠶᠢ 40-60 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠴᠢᠩᠭ᠎ᠠ ᠬᠢᠵᠠᠭᠠᠷᠯᠠᠬᠤ ᠮᠥᠷᠲᠡᠭᠡᠨ 1 ᠬᠥᠮᠦᠨ ᠠᠮᠠ ᠲᠠᠢ ᠡᠷᠦᠬᠡ ᠶᠢᠨ ᠪᠠᠷᠢᠯᠭ᠎ᠠ ᠶᠢᠨ ᠲᠠᠯᠠᠪᠠᠶ ᠶᠢ 20 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠬᠤ ᠥᠬᠡᠶ᠂ 2 ᠬᠥᠮᠦᠨ ᠠᠮᠠ ᠲᠠᠢ ᠡᠷᠦᠬᠡ ᠶᠢ 30 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠬᠤ ᠥᠬᠡᠶ᠂ 3 ᠬᠥᠮᠦᠨ ᠠᠮᠠ ᠲᠠᠢ ᠡᠷᠦᠬᠡ ᠶᠢ 40 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠬᠤ ᠥᠬᠡᠶ᠂ 3 ᠠᠴᠠ ᠳᠡᠭᠡᠭᠰᠢ ᠬᠥᠮᠦᠨ ᠠᠮᠠ ᠲᠠᠢ ᠡᠷᠦᠬᠡ ᠶᠢᠨ ᠬᠥᠮᠦᠨ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ 13 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ᠂ ᠨᠥᠬᠦᠪᠥᠷᠢ ᠪᠡᠯᠡ ᠮᠥᠩᠭᠦ ᠪᠠᠭᠤᠯᠭᠠᠬᠤ ᠠᠴᠠ ᠡᠮᠦᠨ᠎ᠡ ᠡᠷᠬᠡᠪᠰᠢ ᠬᠠᠭᠤᠴᠢᠨ ᠭᠡᠷ ᠪᠠᠶᠢᠰᠢᠩ ᠢ ᠨᠤᠷᠠᠭᠠᠬᠤ ᠬᠡᠷᠡᠭᠲᠡᠶ᠃ ᠬᠡᠷ ᠪᠠᠶᠢᠰᠢᠩ ᠢ ᠰᠡᠯᠪᠢᠨ ᠵᠠᠰᠠᠵᠤ ᠪᠠᠬᠢᠯᠡᠬᠦ ᠳᠤ ᠠᠶᠤᠯᠲᠠᠶ ᠭᠠᠵᠠᠷ ᠢ ᠠᠷᠢᠯᠭᠠᠬᠤ᠂ ᠠᠮᠤᠷ ᠲᠦᠪᠰᠢᠨ ᠣᠷᠣᠨ ᠰᠠᠭᠤᠴᠠ ᠶᠢᠨ ᠪᠠᠷᠢᠮᠵᠢᠶ᠎ᠠ ᠳᠤ ᠬᠦᠷᠦᠭᠦᠯᠬᠦ ᠵᠠᠷᠴᠢᠮ ᠢ ᠪᠠᠷᠢᠮᠲᠠᠯᠠᠨ᠂ ᠭᠤᠤᠯᠳᠠᠭᠤ ᠬᠡᠷ ᠤᠨ ᠣᠷᠣᠶ᠂ ᠬᠡᠷᠡᠮ᠂ ᠤᠰᠤ ᠰᠠᠷᠨᠢᠭᠤᠯᠬᠤ ᠵᠡᠷᠭᠡ ᠶᠢ ᠰᠡᠯᠪᠢᠨ ᠵᠠᠰᠠᠵᠤ ᠪᠠᠬᠢᠯᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号