ᠪᠠᠭᠠᠷᠢᠨ ᠵᠡᠭᠦᠨ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ︽ᠬᠤᠣᠰ ᠬᠡᠰᠡᠭ ᠤᠨ ᠳᠠᠷᠤᠭ᠎ᠠ︾ ᠶᠢᠨ ᠲᠦᠷᠢᠮ ᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/1/18
    ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠳᠠᠯᠳᠠ ᠭᠡᠮ ᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠲᠦᠷᠭᠡᠨ ᠰᠢᠶ᠋ᠳᠪᠦᠷᠢᠯᠡᠬᠦ ᠶᠢᠨ ᠲᠥᠯᠥᠭᠡ᠂ ᠵᠠᠮ ᠪᠠ ᠭᠠᠵᠠᠷ ᠰᠢᠷᠣᠶ ᠶᠢᠨ ᠬᠤᠶᠠᠷ ᠲᠠᠯ᠎ᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠵᠤ ᠲᠡᠮᠦᠷ ᠵᠠᠮ ᠳᠠᠭᠠᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠪᠠ ᠲᠡᠭᠦᠨ ᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠦᠷ ᠵᠠᠮ ᠤᠨ ᠬᠠᠤᠯᠢ︾ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ︽ᠤᠯᠤᠰ ᠤᠨ ᠲᠡᠮᠦᠷ ᠵᠠᠮ ᠤᠨ ᠲᠣᠪᠴᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ︿ᠬᠤᠤᠰ ᠬᠡᠰᠡᠭ ᠤᠨ ᠳᠠᠷᠤᠭ᠎ᠠ﹀ ᠶᠢᠨ ᠲᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ᠶᠣᠰᠣᠭᠠᠷ ︵ᠤᠯᠤᠰ ᠤᠨ ᠲᠡᠮᠦᠷ ᠵᠠᠮ ᠤᠨ ᠠᠶᠤᠯᠭᠦᠶ ᠬᠢᠨᠠᠯᠲᠠ ﹇2021﹈ 6 ᠳ᠋ᠤᠭᠠᠷ ᠲᠣᠭᠠᠲᠤ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠮᠡᠳᠡᠭᠳᠡᠯ︾ ︵ᠥᠪᠥᠷ ᠲᠡᠮᠦᠷ ᠵᠠᠮ ᠤᠨ ᠬᠠᠮᠲᠤᠷᠠᠭᠰᠠᠨ ᠠᠯᠪᠠᠨ ᠬᠡᠷ ︹ 2021 ︺ 3 ᠳ᠋ᠤᠭᠠᠷ ᠲᠣᠭᠠᠲᠤ︶ ︽ᠠᠰᠠᠭᠤᠳᠠᠯ ᠤᠨ ᠳᠠᠯᠳᠠ ᠬᠡᠮ ᠢ ᠵᠠᠰᠠᠬᠤ ᠠᠵᠢᠯ ᠢ ᠦᠨᠡᠨᠬᠦ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠵᠠᠰᠠᠯᠲᠠ ᠶᠢᠨ ᠲᠢᠩᠬᠢᠮ ᠤᠨ ᠬᠠᠮᠲᠤᠷᠠᠭᠰᠠᠨ ᠬᠤᠷᠠᠯ ᠤᠨ ᠮᠡᠳᠡᠭᠳᠡᠯ︾ ︵ᠥᠪᠥᠷ ᠲᠡᠮᠦᠷ ᠵᠠᠮ ᠤᠨ ᠬᠠᠮᠲᠤᠷᠠᠭᠰᠠᠨ ᠠᠯᠪᠠᠨ ᠬᠡᠷ ︹ 2021 ︺ 5 ᠳ᠋ᠤᠭᠠᠷ ᠲᠣᠭᠠᠲᠤ︶ ᠪᠠ ︽︿ᠤᠯᠠᠭᠠᠨᠬᠠᠳᠠ ᠬᠤᠲᠠ ᠶᠢᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ︿ᠬᠤᠤᠰ ᠬᠡᠰᠡᠭ ᠤᠨ ᠳᠠᠷᠤᠭ᠎ᠠ﹀ ᠶᠢᠨ ᠲᠦᠷᠢᠮ ᠢ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠠᠭᠠᠨ ᠵᠠᠰᠠᠭ ᠥᠰᠥᠭ ︹ 2022 ︺ 4 ᠳ᠋ᠦᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ᠂ ᠲᠣᠰ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃    ᠨᠢᠭᠡ᠂ ᠶᠡᠷᠦᠩᠬᠡᠶ ᠱᠠᠭᠠᠷᠳᠠᠯᠭ᠎ᠠ    ᠰᠢ ᠶᠢᠨ ᠫᠢᠩ ᠶᠡᠷᠦᠩᠬᠡᠶ ᠱᠦᠵᠢ ᠶᠢᠨ ᠲᠡᠮᠦᠷ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠬᠠᠮᠠᠭᠠᠯᠠᠬᠤ ᠶᠢ ᠦᠨᠡᠨᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠲᠡᠮᠦᠷ ᠵᠠᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ︽ᠵᠠᠮ ᠪᠠ ᠭᠠᠵᠠᠷ ᠣᠷᠣᠨ ᠬᠠᠮᠲᠤᠷᠠᠨ ᠬᠥᠳᠡᠯᠦᠯᠴᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠵᠣᠬᠢᠴᠠᠭᠤᠯᠤᠨ ᠠᠬᠢᠭᠤᠯᠬᠤ︾ ᠵᠠᠷᠴᠢᠮ ᠶᠣᠰᠣᠭᠠᠷ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠨ᠂ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠷᠦᠩᠬᠡᠶᠢᠯᠡᠨ ᠵᠠᠰᠠᠬᠤ ᠶᠢ ᠬᠠᠤᠯᠢ ᠶᠣᠰᠣᠭᠠᠷ ᠠᠬᠢᠭᠤᠯᠵᠤ᠂ ᠵᠠᠰᠠᠭ ᠤᠨ ᠣᠷᠳᠣᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠬᠠᠤᠯᠢ ᠪᠠᠷ ᠵᠠᠰᠠᠬᠤ ᠶᠢ ᠪᠠᠲᠤᠯᠠᠭᠰᠠᠨ ᠲᠡᠮᠦᠷ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠬᠦ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠲᠥᠷᠥᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠣᠷᠣᠨ ᠨᠤᠲᠤᠭ ᠪᠠ ᠲᠡᠮᠦᠷ ᠵᠠᠮ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠲᠡᠮᠦᠷ ᠵᠠᠮ ᠤᠨ ᠳᠣᠲᠣᠭᠠᠳᠤ ᠳᠠᠭᠠᠨ ᠬᠤᠯᠪᠣᠭᠠᠯᠠᠨ ᠬᠠᠮᠵᠢᠯᠴᠠᠬᠤ᠂ ᠬᠤᠯᠪᠣᠭᠳᠠᠯ ᠪᠥᠬᠦᠶ ᠡᠯ᠎ᠡ ᠲᠠᠯ᠎ᠠ ᠶᠢᠨ ᠬᠢᠨ ᠴᠤᠭᠭᠠᠷ ᠠᠳᠬᠤᠨ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠮᠠᠨ ᠤ ᠬᠤᠰᠢᠭᠤᠨ ᠤ ᠬᠢᠯᠢ ᠳᠣᠲᠣᠷᠠᠬᠢ ᠡᠩ ᠤᠨ ᠬᠤᠷᠳᠤᠴᠠᠲᠤ ᠲᠡᠮᠦᠷ ᠵᠠᠮ ᠤᠨ ᠠᠮᠤᠷ ᠲᠦᠪᠰᠢᠨ ᠠᠶᠠᠯᠠᠬᠤ᠂ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃    ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ    ︵ᠨᠢᠭᠡ︶ ᠬᠤᠰᠢᠭᠤᠨ ᠤ ᠵᠠᠰᠠᠭ ᠤᠨ ᠣᠷᠳᠣᠨ ᠬᠢᠭᠡᠳ ᠲᠡᠮᠦᠷ ᠵᠠᠮ ᠤᠨ ᠬᠠᠷᠢᠶ᠎ᠠ ᠠᠵᠤ ᠠᠬᠤᠶᠢᠯᠠᠯ ᠤᠨ ᠲᠠᠰ ᠳᠠᠪᠬᠤᠷᠭ᠎ᠠ ᠶᠢᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ    1. ᠬᠤᠰᠢᠭᠤᠨ ᠤ ᠵᠠᠰᠠᠭ ᠤᠨ ᠣᠷᠳᠣᠨ ᠬᠢᠭᠡᠳ ᠲᠡᠮᠦᠷ ᠵᠠᠮ ᠤᠨ ᠬᠠᠷᠢᠶ᠎ᠠ ᠠᠵᠤ ᠠᠬᠤᠶᠢᠯᠠᠯ ᠤᠨ ᠲᠠᠰ ᠳᠠᠪᠬᠤᠷᠭ᠎ᠠ ᠶᠢᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠤᠨ ᠤᠳᠤᠷᠢᠳᠬᠤ ᠳᠤᠭᠤᠶᠢᠯᠠᠩ ᠢ ᠬᠠᠮᠲᠤᠷᠠᠨ ᠪᠠᠶᠢᠭᠤᠯᠤᠨ᠎ᠠ᠃    ᠳᠤᠭᠤᠶᠢᠯᠠᠩ ᠤᠨ ᠳᠠᠷᠤᠭ᠎ᠠ᠄   ᠽᠦᠸᠧ ᠰᠢᠶᠠᠩ ᠯᠦᠩ     ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠯᠢ ᠳ᠋ᠦᠩ              ᠲᠣᠮᠣ ᠬᠠᠪᠲᠠᠰᠤᠲᠤ ᠲᠡᠷᠭᠡᠨ ᠤ ᠶᠠᠪᠤᠳᠠᠯ ᠤᠨ ᠬᠡᠰᠡᠭ ᠤᠨ ᠠᠮᠤᠷ ᠲᠦᠪᠰᠢᠨ ᠤ ᠳᠡᠳ᠋ ᠬᠡᠰᠡᠭ ᠤᠨ ᠭᠤᠤᠯ ᠬᠠᠮᠢᠶᠠᠷᠤᠯᠲᠠ ᠶᠢᠨ ᠳᠡᠳ᠋ ᠳᠠᠷᠤᠭ᠎ᠠ    ᠯᠢ ᡁᠢ ᠵᠢᠶᠦ᠋ᠨ           ᠳ᠋ᠠᠪᠠᠨ ᠤ ᠶᠡᠷᠦᠩᠬᠡᠶᠢᠯᠡᠨ ᠵᠠᠰᠠᠬᠤ ᠬᠡᠰᠡᠭ ᠤᠨ ᠠᠮᠤᠷ ᠲᠦᠪᠰᠢᠨ ᠤ ᠳᠡᠳ᠋ ᠬᠡᠰᠡᠭ ᠤᠨ ᠭᠤᠤᠯ ᠬᠠᠮᠢᠶᠠᠷᠤᠯᠲᠠ ᠶᠢᠨ ᠳᠡᠳ᠋ ᠳᠠᠷᠤᠭ᠎ᠠ    ᠳᠡᠳ᠋ ᠳᠤᠭᠤᠶᠢᠯᠠᠩ ᠤᠨ ᠳᠠᠷᠤᠭ᠎ᠠ᠄   ᠵᠠᠩ ᠹᠤᠩ ᠰᠢᠤᠸᠠᠢ          ᠪᠠᠭᠠᠷᠢᠨ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ    ᠸᠠᠩ ᠴᠢᠶᠦ᠋ᠨ              ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ    ᠸᠠᠩ ᠬᠠᠶ ᠫᠢᠩ             ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠤ ᠳᠠᠷᠤᠭ᠎ᠠ    ᠭᠤᠸᠠᠨ ᠸᠤᠨ ᠬᠠᠶ        ᠪᠠᠭᠠᠷᠢᠨ ᠵᠡᠭᠦᠨ ᠬᠤᠰᠢᠭᠤᠨ ᠤ  ᠯᠦᠩᠴᠠᠩ ᠪᠠᠯᠭᠠᠰᠤᠨ ᠤ ᠳᠠᠷᠤᠭ᠎ᠠ    ᠰᠣᠶᠣᠯ                ᠪᠠᠭᠠᠷᠢᠨ ᠵᠡᠭᠦᠨ ᠬᠤᠰᠢᠭᠤᠨ ᠤ ᠴᠠᠭᠠᠨᠬᠠᠳᠠ ᠰᠤᠮᠤᠨ ᠤ ᠰᠤᠮᠤᠨ ᠳᠠᠷᠤᠭ᠎ᠠ    ᠴᠧᠨ ᠭᠠᠩ             ᠳ᠋ᠠᠪᠠᠨ ᠤ ᠶᠡᠷᠦᠩᠬᠡᠶᠢᠯᠡᠨ ᠰᠡᠯᠪᠢᠨ ᠵᠠᠰᠠᠬᠤ ᠬᠡᠰᠡᠭ ᠤᠨ ᠯᠢᠨᠳᠦ᠋ᠩ ᠤᠨ ᠵᠠᠮ ᠱᠤᠭᠤᠮ ᠤᠨ ᠦᠢᠯᠡᠳᠪᠦᠷᠢ ᠶᠢᠨ ᠲᠠᠰᠤᠭ ᠤᠨ ᠡᠷᠬᠢᠯᠡᠭᠴᠢ    ᠯᠢᠦ ᠭᠤᠸᠠᠩ ᠵᠢᠶᠠᠩ        ᠳ᠋ᠠᠪᠠᠨ ᠤ ᠶᠡᠷᠦᠩᠬᠡᠶᠢᠯᠡᠨ ᠰᠡᠯᠪᠢᠨ ᠵᠠᠰᠠᠬᠤ ᠬᠡᠰᠡᠭ ᠤᠨ ᠯᠢᠨᠳᠦ᠋ᠩ ᠥᠷᠲᠡᠭᠡᠨ ᠤ ᠳᠠᠷᠤᠭ᠎ᠠ    ᠪᠠᠶ ᠰᠢᠤᠸᠠᠢ ᠹᠸᠢ          ᠳ᠋ᠠᠪᠠᠨ ᠤ ᠶᠡᠷᠦᠩᠬᠡᠶᠢᠯᠡᠨ ᠰᠡᠯᠪᠢᠨ ᠵᠠᠰᠠᠬᠤ ᠬᠡᠰᠡᠭ ᠤᠨ ᠶᠠᠮᠤᠨ ᠤ ᠰᠦᠮ᠎ᠡ ᠶᠢᠨ ᠥᠷᠲᠡᠭᠡᠨ ᠤ ᠳᠠᠷᠤᠭ᠎ᠠ    ᠪᠦᠷᠢᠯᠳᠦᠬᠦᠨ ᠨᠢᠭᠡᠴᠡ᠄ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠤᠬᠠᠭᠤᠯᠬᠤ ᠬᠡᠯᠲᠡᠰ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠳ᠋ᠠᠪᠠᠨ ᠤ ᠶᠡᠷᠦᠩᠬᠡᠶᠢᠯᠡᠨ ᠵᠠᠰᠠᠬᠤ ᠬᠡᠰᠡᠭ ᠤᠨ ᠯᠢᠨᠳᠦ᠋ᠩ ᠱᠤᠭᠤᠮ ᠤᠨ  ᠦᠢᠯᠡᠳᠪᠦᠷᠢ ᠶᠢᠨ ᠲᠠᠰᠤᠭ᠂ ᠳ᠋ᠠᠪᠠᠨ ᠤ  ᠳᠡᠷᠬᠡᠨ ᠤ ᠶᠠᠪᠤᠳᠠᠯ ᠤᠨ ᠶᠠᠮᠤᠨ ᠰᠦᠮ᠎ᠡ ᠶᠢᠨ ᠥᠷᠲᠡᠭᠡ    2. ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠪᠠᠶᠢᠭᠤᠯᠤᠨ᠎ᠠ᠃ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠤᠰᠢᠭᠤᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠢᠶ ᠲᠦᠩ ᠲᠡᠮᠦᠷ ᠵᠠᠮ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳ᠋ᠠᠪᠠᠨ ᠤ ᠲᠡᠷᠭᠡᠨ ᠤ ᠶᠠᠪᠤᠳᠠᠯ ᠤᠨ ᠬᠡᠰᠡᠭ᠂  ᠳ᠋ᠠᠪᠠᠨ ᠤ ᠶᠡᠷᠦᠩᠬᠡᠶᠢᠯᠡᠭᠰᠡᠨ ᠰᠡᠯᠪᠢᠨ ᠵᠠᠰᠠᠬᠤ ᠬᠡᠰᠡᠭ ᠠᠴᠠ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠠᠶᠢᠷᠢᠯᠠᠭᠤᠯᠤᠭᠰᠠᠨ ᠠᠮᠤᠷ ᠲᠦᠪᠰᠢᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠡᠭᠦᠷᠭᠡ ᠶᠢ ᠰᠢᠮᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠮᠤᠷ ᠲᠦᠪᠰᠢᠨ ᠤ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠯᠲᠠ ᠨᠢ ᠤᠳᠠᠭᠠᠨ᠂ ᠳ᠋ᠤᠭᠠᠷ ᠢ ᠨᠢ ᠬᠠᠰᠤᠬᠤ ᠳᠤ ᠬᠦᠴᠢᠷ ᠲᠣᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ᠂ ᠲᠣᠪᠤᠶᠢᠮ᠎ᠠ ᠬᠠᠯᠠᠮᠰᠢᠯ᠂ ᠬᠦᠴᠢᠷ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠠᠵᠢᠯ ᠤᠨ ᠠᠬᠢᠴᠠ ᠶᠢᠨ ᠪᠠᠶᠢᠳᠠᠯ ᠢᠶᠠᠨ ᠰᠣᠯᠢᠯᠴᠠᠨ᠎ᠠ᠃    ︵ᠬᠤᠶᠠᠷ︶ ᠬᠤᠰᠢᠭᠤ ᠬᠢᠭᠡᠳ ᠲᠡᠮᠦᠷ ᠵᠠᠮ ᠤᠨ ᠥᠷᠲᠡᠭᠡ ᠶᠢᠨ ᠬᠡᠰᠡᠭ ᠤᠨ ᠨᠢᠭᠡᠳᠦᠭᠡᠷ ᠳᠡᠰ ᠤᠨ ᠬᠡᠰᠡᠭ ᠤᠨ ᠳᠠᠷᠤᠭ᠎ᠠ ᠶᠢ ᠪᠠᠶᠢᠭᠤᠯᠤᠨ᠎ᠠ    ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯ ︽ᠬᠤᠤᠰ ᠬᠡᠰᠡᠭ ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠳᠡᠳ᠋ ᠬᠤᠰᠢᠭᠤᠨ ᠳᠠᠷᠤᠭ᠎ᠠ ᠪᠠᠷ ᠣᠷᠣᠨ ᠨᠤᠲᠤᠭ ᠤᠨ ᠨᠢᠭᠡᠳᠦᠭᠡᠷ ᠳᠡᠰ ᠤᠨ ᠬᠡᠰᠡᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠡᠮᠦᠷ ᠵᠠᠮ ᠯᠤᠭ᠎ᠠ ᠬᠠᠷᠠᠭᠠᠯᠵᠠᠭᠰᠠᠨ ᠲᠣᠮᠣ ᠬᠠᠪᠲᠠᠰᠤ ᠶᠢ ᠶᠡᠷᠦᠩᠬᠡᠶᠢᠯᠡᠨ ᠰᠡᠯᠪᠢᠨ ᠵᠠᠰᠠᠬᠤ ᠪᠠ ᠳ᠋ᠠᠪᠠᠨ ᠤ ᠲᠡᠷᠭᠡᠨ ᠤ ᠶᠠᠪᠤᠳᠠᠯ ᠤᠨ ᠬᠡᠰᠡᠭ ᠤᠨ ᠬᠤᠪᠢᠳᠠᠨ ᠬᠠᠮᠢᠶᠠᠷᠴᠤ ᠪᠥᠬᠦᠶ ᠠᠮᠤᠷ ᠲᠦᠪᠰᠢᠨ ᠤ ᠳᠡᠳ᠋ ᠬᠡᠰᠡᠭ ᠤᠨ ᠳᠠᠷᠤᠭ᠎ᠠ ᠪᠠᠷ ᠲᠡᠮᠦᠷ ᠵᠠᠮ ᠤᠨ ᠨᠢᠭᠡᠳᠦᠭᠡᠷ ᠳᠡᠰ ᠤᠨ ᠬᠡᠰᠡᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠳᠣᠤᠷᠠᠬᠢ ᠠᠵᠢᠯ ᠤᠨ ᠡᠭᠦᠷᠭᠡ ᠶᠢ ᠡᠭᠦᠷᠭᠡᠯᠡᠨ᠎ᠡ᠄    1. ᠲᠤᠰ ᠵᠠᠰᠠᠭ ᠵᠠᠬᠢᠷᠭᠠᠨ ᠤ ᠣᠷᠣᠨ ᠤ ᠪᠠᠨ ︽ᠬᠤᠣᠰ ᠬᠡᠰᠡᠭ ᠤᠨ ᠳᠠᠷᠤᠭ᠎ᠠ︾ ᠶᠢᠨ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠤᠨ ᠲᠦᠷᠢᠮ ᠢ ᠲᠣᠭᠲᠠᠭᠠᠵᠤ᠂ ᠣᠷᠣᠨ ᠨᠤᠲᠤᠭ ᠤᠨ ᠱᠠᠲᠤᠨ ᠤ ᠬᠡᠰᠡᠭ ᠤᠨ ᠳᠠᠷᠤᠭ᠎ᠠ ᠨᠢ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠪᠠ ᠠᠵᠢᠯ ᠤᠨ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠵᠢᠯ ᠪᠦᠷᠢ 1 ᠤᠳᠠᠭ᠎ᠠ ᠠᠴᠠ ᠳᠤᠲᠠᠭᠤ ᠥᠬᠡᠶ ᠪᠠᠶᠢᠵᠤ᠂ ᠵᠠᠮ ᠪᠠ ᠭᠠᠵᠠᠷ ᠣᠷᠣᠨ ᠤ ᠬᠤᠶᠠᠷ ᠲᠠᠯ᠎ᠠ ᠶᠢᠨ ᠨᠢᠭᠡᠳᠦᠭᠡᠷ᠂ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠶᠢᠨ ᠬᠥᠮᠦᠰ ᠤᠨ ᠨᠡᠷᠡᠰ᠂ ᠬᠠᠷᠢᠯᠴᠠᠬᠤ ᠠᠷᠭ᠎ᠠ ᠮᠠᠶ᠋ᠢᠭ ᠪᠠ ᠬᠠᠮᠢᠶᠠᠷᠤᠯᠲᠠ ᠶᠢᠨ ᠡᠲᠡᠭᠡᠳ ᠢ ᠴᠠᠭ ᠲᠤᠬᠠᠶ ᠳᠤᠨᠢ ᠨᠡᠶᠢᠲᠡᠯᠡᠬᠦ ᠪᠠ ᠰᠢᠨᠡᠳᠬᠡᠵᠦ᠂ ᠲᠡᠮᠦᠷ ᠵᠠᠮ ᠤᠨ ᠨᠢᠭᠡᠳᠦᠭᠡᠷ ᠳᠡᠰ ᠤᠨ ᠬᠡᠰᠡᠭ ᠤᠨ ᠳᠠᠷᠤᠭ᠎ᠠ ᠨᠢ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠴᠢᠨ ᠲᠣᠭᠤᠷᠢᠨ ᠤ ᠬᠡᠮ ᠰᠣᠭᠤᠭ ᠤᠨ ᠲᠣᠪᠤᠶᠢᠮ᠎ᠠ ᠠᠰᠠᠭᠤᠳᠠᠯ ᠢ ᠮᠡᠳᠡᠭᠡᠯᠡᠬᠦ ᠶᠢᠨ ᠬᠠᠮᠲᠤ᠂ ᠭᠠᠳᠠᠭᠠᠳᠤ ᠣᠷᠴᠢᠨ ᠲᠣᠭᠤᠷᠢᠨ ᠤ ᠠᠵᠢᠯ ᠤᠨ ᠭᠤᠤᠯᠳᠠᠯᠭ᠎ᠠ ᠳᠤ ᠰᠠᠨᠠᠭᠤᠯᠤᠮᠵᠢ ᠥᠭᠭᠦᠨ᠎ᠡ᠃    2. ᠣᠷᠣᠨ ᠨᠤᠲᠤᠭ  ᠤᠨ ᠬᠡᠰᠡᠭ ᠤᠨ ᠳᠠᠷᠤᠭ᠎ᠠ ᠬᠢᠭᠡᠳ ᠲᠡᠮᠥᠷ ᠵᠠᠮ ᠤᠨ ᠬᠡᠰᠡᠭ ᠤᠨ ᠳᠠᠷᠤᠭ᠎ᠠ ᠬᠠᠮᠲᠤᠷᠠᠨ ᠭᠤᠣᠯᠳᠠᠯᠭ᠎ᠠ ᠲᠠᠢ ᠠᠮᠤᠷ ᠲᠦᠪᠰᠢᠨ ᠣᠷᠴᠢᠨ ᠲᠣᠭᠤᠷᠢᠨ ᠤ ᠲᠠᠯᠳᠠ ᠭᠡᠮ ᠤᠨ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠠᠮᠲᠤᠷᠠᠨ ᠬᠠᠤᠯᠢ ᠬᠡᠷᠡᠭᠵᠢᠭᠦᠯᠵᠦ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠎ᠠ᠃    3. ᠣᠷᠣᠨ ᠨᠤᠲᠤᠭ ᠤᠨ ᠬᠡᠰᠡᠭ ᠤᠨ ᠳᠠᠷᠤᠭ᠎ᠠ ᠨᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠬᠠᠮᠲᠤᠷᠠᠨ ᠲᠣᠭᠤᠷᠢᠨ ᠪᠠᠶᠢᠴᠠᠭᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠵᠤ᠂ ᠵᠢᠯ ᠪᠦᠷᠢ ᠶᠢᠨ ᠬᠠᠮᠲᠤᠷᠠᠨ ᠲᠣᠭᠤᠷᠢᠨ ᠪᠠᠶᠢᠴᠠᠭᠠᠬᠤ ᠤᠳᠠᠭ᠎ᠠ ᠶᠢ 1 ᠤᠳᠠᠭ᠎ᠠ ᠠᠴᠠ ᠳᠤᠲᠠᠭᠤ ᠥᠬᠡᠶ ᠪᠠᠶᠢᠯᠭᠠᠵᠤ᠂ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠪᠠ ᠲᠣᠬᠢᠲᠠᠶ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃    4. ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠤᠨ ᠪᠦᠷᠢᠨ ᠲᠡᠭᠦᠯᠳᠡᠷ ᠬᠥᠮᠥᠷᠭᠡ ᠶᠢ ᠪᠠᠶᠢᠭᠤᠯᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠳᠠᠯᠳᠠ ᠬᠡᠮ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃    5. ᠬᠤᠰᠢᠭᠤ᠂ ᠰᠤᠮᠤ ᠰᠢᠶᠠᠩ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠪᠠ ᠲᠡᠮᠦᠷ ᠵᠠᠮ ᠤᠨ ᠰᠣᠯᠢᠯᠴᠠᠭᠠᠨ ᠤ ᠢᠨᠵᠧᠨᠧᠷᠢᠩ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠳᠠᠯᠳᠠ ᠬᠡᠮ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ    ︵ᠭᠤᠷᠪᠠ︶ ᠰᠤᠮᠤ ᠰᠢᠶᠠᠩ ᠪᠠᠯᠭᠠᠰᠤ ᠬᠢᠭᠡᠳ ᠲᠡᠮᠦᠷ ᠵᠠᠮ ᠤᠨ ᠦᠶ᠋ᠯᠡᠳᠪᠦᠷᠢ ᠶᠢᠨ ᠲᠠᠰᠤᠭ᠂ ᠲᠡᠷᠭᠡᠨ ᠥᠷᠲᠡᠭᠡ ᠶᠢᠨ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠶᠢ ᠪᠠᠶᠢᠭᠤᠯᠤᠨ᠎ᠠ    ᠰᠤᠮᠤ ᠰᠢᠶᠠᠩ ᠪᠠᠯᠭᠠᠰᠤ ᠨᠢ ᠨᠢᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠢ ᠣᠷᠣᠨ ᠨᠤᠲᠤᠭ ᠤᠨ ᠬᠡᠰᠡᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠡᠮᠦᠷ ᠵᠠᠮ ᠯᠤᠭ᠎ᠠ ᠬᠠᠷᠠᠭᠠᠯᠵᠠᠭᠰᠠᠨ ᠶᠡᠷᠦᠩᠬᠡᠶᠢᠯᠡᠭᠰᠡᠨ ᠬᠡᠰᠡᠭ ᠪᠠ ᠲᠡᠷᠭᠡᠨ ᠤ ᠶᠠᠪᠤᠳᠠᠯ ᠤᠨ ᠬᠡᠰᠡᠭ ᠤᠨ ᠬᠠᠷᠢᠶ᠎ᠠ ᠭᠠᠵᠠᠷ ᠤᠨ ᠦᠶ᠋ᠯᠡᠳᠪᠦᠷᠢ ᠶᠢᠨ ᠲᠠᠰᠤᠭ ᠤᠨ ᠡᠷᠬᠢᠯᠡᠭᠴᠢ᠂ ᠥᠷᠲᠡᠭᠡᠨ ᠳᠠᠷᠤᠭ᠎ᠠ ᠶᠢ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠳᠣᠤᠷᠠᠬᠢ ᠮᠡᠲᠦ ᠠᠵᠢᠯ ᠤᠨ ᠡᠭᠦᠷᠭᠡ ᠶᠢ ᠡᠭᠦᠷᠭᠡᠯᠡᠨ᠎ᠡ᠄    1. ᠵᠠᠮ ᠪᠠ ᠭᠠᠵᠠᠷ ᠣᠷᠣᠨ ᠤ ᠬᠤᠶᠠᠷ ᠲᠠᠯ᠎ᠠ ᠶᠢᠨ ᠬᠡᠰᠡᠭ ᠤᠨ ᠳᠠᠷᠤᠭ᠎ᠠ ᠨᠢ ︽ᠬᠤᠤᠰ ᠬᠡᠰᠡᠭ ᠤᠨ ᠳᠠᠷᠤᠭ᠎ᠠ ︾ ᠶᠢᠨ ᠠᠵᠢᠯ ᠤᠨ ᠲᠦᠷᠢᠮ ᠢ ᠬᠠᠷᠢᠭᠤᠴᠠᠨ ᠨᠠᠶᠢᠳᠠᠪᠤᠷᠢᠵᠢᠭᠤᠯᠵᠤ᠂ ᠲᠣᠭᠤᠷᠢᠨ ᠶᠠᠪᠤᠬᠤ ᠵᠢᠷᠤᠭ ᠲᠣᠭᠲᠠᠭᠠᠨ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠲᠣᠭᠤᠷᠢᠨ ᠪᠠᠶᠢᠴᠠᠭᠠᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃    2. ᠲᠣᠰᠬᠤᠨ ︵ᠨᠡᠶᠢᠭᠡᠮ ᠲᠣᠭᠤᠷᠢᠭ︶᠂ ᠲᠡᠮᠦᠷ ᠵᠠᠮ ᠤᠨ ᠡᠭᠡᠯᠵᠢ ᠳᠤᠭᠤᠶᠢᠯᠠᠩ ᠤᠨ ᠡᠳᠦᠷ ᠲᠤᠲᠤᠮ ᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠬᠤ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠵᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠪᠠ ᠠᠰᠠᠭᠤᠳᠠᠯ ᠤᠨ ᠡᠬᠡ ᠲᠠᠩᠰᠠ ᠶᠢ ᠪᠠᠶᠢᠭᠤᠯᠬᠤ ᠬᠡᠷᠡᠭᠲᠡᠶ᠃    3. ᠨᠢᠭᠡᠳᠦᠭᠡᠷ ᠳᠡᠰ ᠤᠨ ᠬᠡᠰᠡᠭ ᠤᠨ ᠳᠠᠷᠤᠭ᠎ᠠ ᠶᠢᠨ ᠵᠣᠬᠢᠶᠠᠨ ᠪᠠᠶᠢᠭᠤᠯᠵᠤ ᠲᠣᠭᠲᠠᠭᠠᠭᠰᠠᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠬᠠᠮᠲᠤᠷᠠᠨ ᠲᠣᠭᠤᠷᠢᠨ ᠪᠠᠶᠢᠴᠠᠭᠠᠬᠤ ᠲᠥᠯᠥᠪᠯᠡᠭᠡ ᠶᠢᠨ ᠶᠣᠰᠣᠭᠠᠷ᠂ ᠬᠠᠮᠲᠤᠷᠠᠨ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠲᠡᠮᠦᠷ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠬᠤᠷᠢᠭᠯᠠᠨ ᠵᠣᠭᠰᠣᠭᠠᠵᠤ᠂ ᠳᠠᠷᠦ᠋ᠢᠬᠠᠨ  ᠰᠢᠢᠳᠪᠦᠷᠢᠯᠡᠵᠤ ᠳᠡᠶᠢᠯᠬᠦ ᠥᠬᠡᠶ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃    4. ᠲᠤᠬᠠᠶ ᠶᠢᠨ ᠲᠠᠯᠠᠪᠤᠷ ᠲᠤ ᠠᠵᠢᠯ ᠤᠨ ᠢᠯᠡ ᠨᠡᠶᠢᠲᠡᠯᠡᠬᠦ ᠫᠠᠶᠢᠰᠠ ᠪᠠᠶᠢᠷᠢᠯᠠᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠡᠯ᠎ᠡ ᠲᠥᠷᠥᠯ ᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃    5. ᠵᠢᠯ ᠪᠦᠷᠢ ᠲᠡᠮᠦᠷ ᠵᠠᠮ ᠤᠨ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠨᠢ ᠲᠡᠮᠦᠷ ᠵᠠᠮ ᠤᠨ ᠭᠠᠵᠠᠷ ᠤᠨ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠵᠢᠴᠢ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠤᠨ ᠲᠡᠮᠦᠷ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠬᠢᠵᠦ ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠳᠠᠯᠳᠠ ᠬᠡᠮ ᠢ ᠢᠯᠭᠠᠨ ᠲᠠᠨᠢᠬᠤ ᠪᠠ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    6. ᠵᠢᠯ ᠪᠦᠷᠢ ᠶᠢᠨ ᠣᠷᠣᠨ ᠨᠤᠲᠤᠭ ᠤᠨ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠨᠢ ᠲᠡᠮᠦᠷ ᠵᠠᠮ ᠤᠨ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠲᠠᠢ ᠬᠠᠮᠲᠤᠷᠠᠨ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 2.5 ᠺᠢᠯᠣᠮᠧᠲᠷ ᠤᠨ ᠬᠡᠪᠴᠢᠶᠡᠨ ᠳᠣᠲᠣᠷᠠᠬᠢ ᠪᠣᠳᠠ ᠮᠠᠯ ᠬᠠᠷᠢᠭᠤᠯᠬᠤ ᠡᠷᠦᠬᠡ᠂ ᠲᠡᠵᠢᠭᠡᠨ ᠦᠷᠡᠵᠢᠭᠦᠯᠬᠦ ᠡᠷᠦᠬᠡ᠂ ᠨᠢᠲᠤᠯᠬᠤ ᠡᠷᠦᠬᠡ ᠳᠤ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠤ ᠵᠥᠪᠯᠡᠯᠴᠡᠭᠡᠷ ᠲᠣᠭᠲᠠᠵᠤ᠂ ᠮᠠᠯ  ᠤᠨᠤᠭ᠎ᠠ ᠶᠢᠨ ᠵᠠᠮ ᠱᠤᠭᠤᠮ ᠳᠤ ᠨᠡᠪᠲᠡᠷᠡᠬᠦ ᠶᠢ ᠰᠡᠷᠭᠡᠶᠢᠯᠡᠨ᠎ᠡ᠃    ︵ᠳᠥᠷᠪᠡ︶ ᠬᠤᠰᠢᠭᠤᠨ ᠤ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ᠄    ︵1︶ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠄ ᠵᠠᠮ ᠪᠠ ᠭᠠᠵᠠᠷ ᠣᠷᠣᠨ ᠤ ᠬᠠᠮᠵᠢᠯᠴᠠᠨ ᠬᠠᠮᠵᠢᠯᠴᠠᠬᠤ ᠪᠠ ᠳᠠᠯᠳᠠ ᠬᠡᠮ ᠤᠨ ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠲᠡᠮᠦᠷ ᠵᠠᠮ ᠤᠨ ᠵᠠᠮ ᠬᠠᠮᠠᠭᠠᠯᠠᠬᠤ ᠬᠠᠮᠲᠤᠷᠠᠨ ᠰᠡᠷᠭᠡᠶᠢᠯᠡᠬᠦ ᠰᠢᠰᠲ᠋ᠧᠮ ᠢ ᠵᠢᠯᠣᠭᠤᠳᠴᠤ ᠪᠠᠶᠢᠭᠠᠳ ᠵᠠᠮ ᠪᠠ ᠭᠠᠵᠠᠷ ᠣᠷᠣᠨ ᠤ ᠵᠣᠬᠢᠴᠠᠭᠤᠯᠤᠨ ᠬᠠᠮᠵᠢᠯᠴᠠᠬᠤ ᠪᠠ ᠳᠠᠯᠳᠠ ᠬᠡᠮ ᠤᠨ ᠠᠰᠠᠭᠤᠳᠠᠯ ᠢ ᠬᠠᠮᠲᠤᠷᠠᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠠ᠃    ︵2︶ ᠤᠬᠠᠭᠤᠯᠬᠤ ᠬᠡᠯᠲᠡᠰ᠄ ᠡᠯ᠎ᠡ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠪᠣᠯᠤᠨ ᠨᠢᠭᠡᠴᠡ ᠶᠢᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠬᠤ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠶᠢ ᠬᠠᠷᠢᠭᠤᠴᠠᠨ ᠵᠢᠯᠣᠭᠤᠳᠴᠤ᠂ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠲᠡᠮᠦᠷ ᠵᠠᠮ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ᠂ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠵᠡᠷᠭᠡ ᠶᠢ ᠶᠡᠬᠡᠪᠡᠷ ᠤᠬᠠᠭᠤᠯᠵᠤ᠂ ᠥᠷᠭᠡᠨ ᠣᠯᠠᠨ ᠲᠦᠮᠡᠨ ᠢ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠦᠵᠡᠯ ᠤᠬᠠᠮᠰᠠᠷ ᠲᠠᠢ ᠪᠣᠯᠭᠠᠵᠤ᠂ ᠲᠡᠮᠦᠷ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃    ︵3︶ ᠬᠠᠮᠢᠶ᠎ᠠ ᠪᠥᠬᠦᠶ ᠰᠤᠮᠤ ᠰᠢᠶᠠᠩ ᠪᠠᠯᠭᠠᠰᠤ᠄ ︽ᠬᠠᠷᠢᠶᠠᠲᠤ ᠣᠷᠣᠨ ᠤ ᠬᠠᠮᠢᠶᠠᠷᠤᠯᠲᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠭᠠᠵᠠᠷ ᠤᠨ ᠵᠠᠭᠠᠭ ︵ᠤᠯᠠᠭᠠᠨ ᠱᠤᠭᠤᠮ︶ ᠤᠨ ᠭᠠᠳᠠᠭᠠᠳᠤ ᠣᠷᠴᠢᠨ ᠲᠣᠭᠤᠷᠢᠨ ᠤ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠳᠠᠭᠠᠳᠤ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠭᠠᠳᠠᠭᠠᠳᠤ ᠣᠷᠴᠢᠨ ᠲᠣᠭᠤᠷᠢᠨ ᠤ ᠠᠮᠤᠷ ᠲᠦᠪᠰᠢᠨ ᠤ ᠵᠠᠰᠠᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠡᠮᠦᠷ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠵᠠᠰᠠᠯᠲᠠ ᠶᠢᠨ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠶᠤᠯ ᠥᠬᠡᠶ ᠦᠶ᠋ᠯᠡᠳᠪᠦᠷᠢᠯᠡᠯ ᠤᠨ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠵᠤ᠂ ᠲᠡᠮᠦᠷ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠵᠠᠰᠠᠯᠲᠠ ᠶᠢᠨ ᠠᠵᠢᠯ ᠤᠨ ᠲᠦᠷᠢᠮ ᠢ ᠪᠦᠷᠢᠨᠰᠢᠬᠦᠯᠵᠦ᠂ ᠪᠠᠶᠢᠩᠭᠤᠵᠢᠭᠤᠯᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃    ︵4︶ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠵᠠᠮ ᠱᠤᠭᠤᠮ ᠢ ᠬᠠᠮᠠᠭᠠᠯᠠᠬᠤ ᠬᠠᠮᠲᠤᠷᠠᠨ ᠰᠡᠷᠭᠡᠶᠢᠯᠡᠬᠦ ᠠᠵᠢᠯ ᠢ ᠬᠠᠷᠢᠭᠤᠴᠠᠵᠤ᠂ ᠲᠡᠮᠦᠷ ᠵᠠᠮ ᠳᠠᠭᠠᠤ ᠶᠢᠨ ᠣᠷᠣᠨ ᠨᠤᠲᠤᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠵᠤ᠂ ᠲᠡᠮᠦᠷ ᠵᠠᠮ ᠤᠨ ᠲᠥᠬᠦᠭᠡᠷᠦᠮᠵᠢ ᠶᠢ ᠬᠤᠯᠠᠭᠠᠶᠢᠯᠠᠬᠤ᠂ ᠡᠪᠳᠡᠯᠡᠬᠦ ᠵᠢᠴᠢ ᠳᠤᠷ᠎ᠠ ᠪᠠᠷ ᠢᠶᠠᠨ ᠵᠠᠮ ᠤᠨ ᠠᠭᠤᠯᠵᠠᠷ ᠭᠠᠷᠭᠠᠬᠤ᠂ ᠥᠩᠭᠡᠷᠡᠬᠦ ᠵᠠᠮ ᠢ ᠲᠡᠭᠰᠢ ᠣᠭᠲᠣᠯᠣᠯᠴᠠᠬᠤ ᠵᠡᠷᠭᠡ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠵᠥᠪᠰᠢᠶᠡᠷᠡᠭᠦᠯᠦᠭᠰᠡᠨ ᠦᠭᠡᠢ ᠪᠠᠷ ᠲᠡᠮᠦᠷ ᠵᠠᠮ ᠳᠠᠭᠠᠤ ᠶᠢᠨ ᠲᠣᠭᠲᠠᠭᠠᠭᠰᠠᠨ ᠬᠡᠪᠴᠢᠶᠡᠨ ᠳᠤ ᠳᠡᠯᠪᠡᠴᠢᠬᠦ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠬᠤ ᠪᠠ ᠪᠠᠶᠢᠴᠠᠭᠠᠨ ᠰᠢᠢᠳᠪᠦᠷᠢᠯᠡᠨ᠎ᠡ︔ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠠ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠲᠤᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠵᠢᠯᠯᠠᠭ᠎ᠠ ᠶᠢ    ︵5︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠲᠡᠮᠦᠷ ᠵᠠᠮ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃    ︵6︶ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ ᠪᠠ ᠳᠠᠩᠰᠠᠯᠠᠬᠤ ᠶᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃    ︵7︶ ᠰᠤᠷᠭᠠᠨ ᠬᠥᠮᠦᠵᠢᠯ ᠤᠨ ᠲᠣᠪᠴᠢᠶ᠎ᠠ᠄ ᠲᠡᠮᠦᠷ ᠵᠠᠮ ᠳᠠᠭᠠᠤ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠵᠠᠮ ᠬᠠᠶᠢᠷᠠᠯᠠᠨ ᠬᠠᠮᠠᠭᠠᠯᠠᠬᠤ᠂ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠵᠡᠷᠭᠡ ᠬᠤᠯᠪᠣᠭᠳᠠᠯ ᠪᠥᠬᠦᠶ ᠠᠵᠢᠯ ᠢ ᠬᠠᠷᠢᠭᠤᠴᠠᠨ ᠵᠢᠯᠣᠭᠤᠳᠤᠨ᠎ᠠ᠃    ︵8︶ ᠬᠠᠤᠯᠢ ᠴᠠᠭᠠᠵᠠ ᠶᠢᠨ ᠲᠣᠪᠴᠢᠶ᠎ᠠ᠄ ᠲᠡᠮᠤᠷ ᠵᠠᠮ ᠤᠨ ᠭᠠᠵᠠᠷ ᠣᠷᠣᠨ ᠲᠠᠢ ᠬᠠᠮᠵᠢᠯᠴᠠᠨ ᠲᠡᠮᠤᠷ ᠵᠠᠮ ᠤᠨ ᠭᠠᠳᠠᠭᠠᠳᠤ ᠣᠷᠴᠢᠨ ᠠᠬᠤᠶ ᠶᠢᠨ ᠠᠮᠤᠷ ᠲᠦᠪᠰᠢᠨ ᠤ ᠵᠠᠰᠠᠯᠲᠠ ᠶᠢᠨ ᠠᠵᠢᠯ ᠤᠨ ᠰᠢᠰᠲ᠋ᠧᠮ ᠢ ᠪᠠᠶᠢᠭᠤᠯᠵᠤ᠂ ᠲᠡᠮᠤᠷ ᠵᠠᠮ ᠤᠨ ᠠᠮᠤᠷ ᠲᠦᠪᠰᠢᠨ ᠢ ᠪᠠᠲᠤᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠮᠤᠷ ᠵᠠᠮ ᠤᠨ ᠭᠠᠳᠠᠭᠠᠳᠤ ᠣᠷᠴᠢᠨ ᠠᠬᠤᠶ ᠶᠢᠨ ᠠᠮᠤᠷ ᠲᠦᠪᠰᠢᠨ ᠤ ᠲᠠᠯᠳᠠ ᠭᠡᠮ ᠢ ᠴᠡᠭᠴᠡᠯᠡᠨ ᠵᠠᠰᠠᠬᠤ ᠠᠵᠢᠯ ᠢ ᠵᠢᠯᠣᠭᠤᠳᠤᠨ ᠠᠬᠢᠭᠤᠯᠤᠨ᠎ᠠ᠃    ︵9︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠵᠥᠪᠰᠢᠶᠡᠷᠡᠯ ᠣᠯᠤᠭᠰᠠᠨ ᠦᠭᠡᠢ ᠪᠠᠷ ᠲᠡᠮᠦᠷ ᠵᠠᠮ ᠳᠠᠭᠠᠤ ᠶᠢᠨ ᠲᠣᠭᠲᠠᠭᠠᠭᠰᠠᠨ ᠬᠡᠪᠴᠢᠶᠡᠨ ᠳᠤ ᠠᠭᠤᠷᠬᠠᠶ ᠮᠠᠯᠲᠠᠬᠤ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠲᠡᠮᠦᠷ ᠵᠠᠮ ᠤᠨ ᠱᠤᠭᠤᠮ ᠤᠨ ᠠᠶᠤᠯᠭᠦᠶ ᠶᠢᠨ ᠬᠠᠮᠠᠭᠠᠯᠠᠯᠲᠠ ᠶᠢᠨ ᠣᠷᠣᠨ ᠳᠠᠬᠢ ᠭᠠᠵᠠᠷ ᠬᠡᠷᠡᠭᠯᠡᠬᠦ ᠡᠮᠬᠢ ᠵᠢᠷᠤᠮ ᠢ ᠬᠠᠮᠠᠭᠠᠯᠠᠨ᠎ᠠ︔ ᠲᠡᠮᠦᠷ ᠵᠠᠮ ᠳᠠᠭᠠᠤ ᠶᠢᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃    ︵10︶ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠄ ᠲᠡᠮᠦᠷ ᠵᠠᠮ ᠤᠨ ᠣᠶᠢᠷ᠎ᠠ ᠬᠠᠪᠢ ᠶᠢᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠨᠠᠷᠢᠨ ᠲᠣᠭᠤᠰᠣ᠂ ᠣᠲᠤᠭ᠎ᠠ ᠲᠣᠭᠤᠰᠣ ᠵᠢᠴᠢ ᠢᠳᠡᠮᠡᠬᠡᠶ ᠬᠡᠶ ᠪᠡᠶᠡᠲᠦ ᠵᠡᠷᠭᠡ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠬᠠᠷᠢᠭᠤᠴᠠᠨ᠎ᠠ᠃    ︵11︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠲᠡᠮᠦᠷ ᠵᠠᠮ ᠳᠠᠭᠠᠤ ᠶᠢᠨ ᠬᠠᠤᠯᠢ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠤᠭᠰᠠᠨ ᠬᠡᠷ ᠪᠠᠶᠢᠰᠢᠩ ᠤᠨ ᠪᠠᠷᠢᠯᠭ᠎ᠠ ᠶᠢᠨ ᠬᠠᠮᠢᠶᠠᠷᠤᠯᠲᠠ ᠶᠢ ᠴᠡᠭᠴᠡᠯᠡᠨ ᠵᠠᠰᠠᠬᠤ ᠪᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠬᠡᠷ ᠪᠠᠶᠢᠰᠢᠩ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ ᠵᠢᠯᠣᠭᠤᠳᠤᠨ᠎ᠠ᠃    ︵12︶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠮᠠᠯ ᠵᠠᠮ ᠤᠨ ᠲᠡᠮᠦᠷ ᠵᠠᠮ ᠰᠤᠨᠳᠠᠯᠠᠭᠰᠠᠨ ᠵᠦᠷᠢᠯᠢᠭ ᠬᠥᠭᠦᠷᠭᠡ ᠪᠣᠯᠤᠨ ᠵᠠᠰᠠᠮᠠᠯ ᠵᠠᠮ ᠤᠨ ᠲᠡᠮᠦᠷ ᠵᠠᠮ  ᠢ ᠵᠡᠷᠭᠡᠴᠡᠭᠦᠯᠦᠭᠰᠡᠨ ᠭᠠᠵᠠᠷ ᠤᠨ ᠠᠶᠤᠯ ᠥᠭᠡᠢ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢᠨ ᠲᠠᠯᠳᠠ ᠭᠡᠮ ᠵᠢᠴᠢ ᠵᠠᠰᠠᠮᠠᠯ ᠵᠠᠮ ᠤᠨ ᠲᠡᠮᠦᠷ ᠵᠠᠮ ᠰᠤᠨᠳᠠᠯᠠᠭᠰᠠᠨ ᠬᠥᠭᠦᠷᠭᠡ ᠶᠢᠨ ᠳᠡᠭᠡᠳᠦ᠂ ᠵᠠᠰᠠᠮᠠᠯ ᠵᠠᠮ ᠤᠨ ᠲᠡᠮᠦᠷ ᠵᠠᠮ ᠢ ᠵᠡᠷᠭᠡᠴᠡᠭᠦᠯᠦᠭᠰᠡᠨ ᠭᠠᠵᠠᠷ ᠤᠨ ᠲᠡᠷᠭᠡ ᠬᠥᠰᠬᠡ ᠶᠢᠨ ᠳᠠᠭᠠᠭᠠᠴᠠ ᠠᠴᠠ ᠬᠡᠲᠦᠷᠡᠭᠦᠯᠦᠨ ᠬᠤᠷᠳᠤᠴᠠ ᠠᠴᠠ ᠬᠡᠲᠦᠷᠡᠭᠦᠯᠦᠭᠰᠡᠨ᠂ ᠳᠣᠷᠣᠭᠰᠢ ᠲᠡᠮᠦᠷ ᠵᠠᠮ ᠤᠨ ᠬᠥᠭᠦᠷᠭᠡ ᠶᠢᠨ ᠭᠤᠯᠳᠤᠩ ᠢᠶᠠᠷ ᠥᠩᠭᠡᠷᠡᠬᠦ ᠲᠡᠷᠭᠡ ᠬᠥᠰᠬᠡ ᠶᠢᠨ ᠬᠡᠮᠵᠢᠶ᠎ᠡ ᠠᠴᠠ ᠬᠡᠲᠦᠷᠡᠭᠦᠯᠦᠭᠰᠡᠨ ᠵᠡᠷᠭᠡ ᠠᠰᠠᠭᠤᠳᠠᠯ  ᠢ ᠴᠡᠭᠴᠡᠯᠡᠨ ᠵᠠᠰᠠᠬᠤ ᠶᠢ ᠬᠠᠷᠢᠭᠤᠴᠠᠨ᠎ᠠ᠃    ︵13︶ ᠤᠰᠤᠨ ᠠᠰᠢᠭᠯᠠᠯᠲᠠ ᠶᠢᠨ ᠲᠣᠪᠴᠢᠶ᠎ᠠ᠄ ᠲᠡᠮᠦᠷ ᠵᠠᠮ ᠤᠨ ᠬᠥᠭᠦᠷᠭᠡ ᠶᠢᠨ ᠭᠤᠤᠯ ᠤᠨ ᠵᠠᠮ ᠤᠨ ᠳᠡᠭᠡᠳᠦ ᠳᠣᠤᠷᠠᠳᠤ ᠤᠷᠤᠰᠬᠠᠯ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠭᠤᠤᠯ ᠢ ᠬᠠᠰᠢᠵᠤ ᠬᠠᠰᠢᠯᠭ᠎ᠠ ᠪᠠᠷᠢᠬᠤ᠂ ᠬᠥᠪᠦᠮᠡᠯ ᠬᠥᠭᠦᠷᠭᠡ ᠲᠠᠲᠠᠬᠤ ᠪᠤᠶᠤ ᠲᠡᠮᠦᠷ ᠵᠠᠮ ᠤᠨ ᠬᠥᠭᠦᠷᠭᠡ ᠶᠢᠨ ᠠᠮᠤᠷ ᠲᠦᠪᠰᠢᠨ ᠢ ᠨᠥᠯᠥᠭᠡᠯᠡᠬᠦ ᠪᠤᠰᠤᠳ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠪᠠᠶᠢᠭᠤᠯᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠲᠡᠮᠦᠷ ᠵᠠᠮ ᠤᠨ ᠬᠥᠭᠦᠷᠭᠡ ᠶᠢᠨ ᠭᠤᠤᠯ ᠤᠨ ᠵᠠᠮ ᠤᠨ ᠳᠡᠭᠡᠳᠦ ᠳᠣᠤᠷᠠᠳᠤ ᠤᠷᠤᠰᠬᠠᠯ ᠢ ᠳᠠᠪᠠᠵᠤ ᠮᠠᠯᠲᠠᠬᠤ ᠶᠢ ᠴᠠᠭᠠᠵᠠᠯᠠᠬᠤ ᠬᠡᠪᠴᠢᠶᠡᠨ ᠳᠤ ᠡᠯᠡᠰᠦ ᠮᠠᠯᠲᠠᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠵᠢᠯᠣᠭᠤᠳᠤᠨ᠎ᠠ᠃    ︵14︶ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠲᠡᠮᠦᠷ ᠵᠠᠮ ᠳᠠᠭᠠᠤ ᠶᠢᠨ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ ᠤ ᠦᠶ᠋ᠯᠡᠳᠪᠦᠷᠢᠯᠡᠯ ᠲᠡᠵᠢᠭᠡᠨ ᠦᠷᠡᠵᠢᠭᠦᠯᠬᠦ ᠵᠡᠷᠭᠡ ᠳᠠᠯᠳᠠ ᠬᠡᠮ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃    ︵15︶ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠲᠡᠮᠦᠷ ᠵᠠᠮ ᠳᠠᠭᠠᠤ ᠶᠢᠨ ᠣᠶᠢᠵᠢᠭᠤᠯᠵᠤ ᠨᠣᠭᠤᠭᠠᠷᠠᠭᠤᠯᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠥᠷᠨᠢᠭᠦᠯᠬᠦ ᠶᠢ ᠬᠠᠷᠢᠭᠤᠴᠠᠵᠤ ᠂ ᠲᠡᠮᠦᠷ ᠵᠠᠮ ᠤᠨ ᠬᠤᠶᠠᠷ ᠬᠠᠵᠠᠭᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠠᠴᠠ ᠭᠠᠳᠠᠨᠠᠬᠢ ᠥᠨᠳᠥᠷ ᠲᠣᠮᠣ ᠮᠣᠳᠣ ᠶᠢ ᠴᠡᠪᠡᠷᠯᠡᠨ ᠵᠠᠰᠠᠬᠤ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠣᠶ ᠮᠣᠳᠣᠨ ᠤ ᠬᠢᠵᠠᠭᠠᠷᠯᠠᠯ ᠳᠤ ᠬᠠᠯᠳᠠᠬᠤ ᠪᠠ ᠨᠤᠲᠤᠭ ᠪᠡᠯᠴᠢᠭᠡᠷ ᠲᠤ ᠭᠠᠯ ᠭᠠᠷᠬᠤ ᠵᠡᠷᠭᠡ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠵᠡᠷᠭᠡ ᠠᠰᠠᠭᠤᠳᠠᠯ ᠭᠠᠷᠬᠤ ᠶᠢ ᠰᠡᠷᠭᠡᠶᠢᠯᠡᠨ᠎ᠡ᠃    ︵16︶ ᠴᠠᠭ ᠠᠭᠤᠷ ᠤᠨ ᠲᠣᠪᠴᠢᠶ᠎ᠠ᠄ ᠪᠣᠷᠣᠭᠠᠨ ᠴᠠᠰᠤ᠂ ᠶᠡᠭᠡ ᠰᠠᠯᠬᠢ ᠵᠡᠷᠭᠡ ᠮᠠᠭᠤ ᠴᠠᠭ ᠠᠭᠤᠷ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠲᠡᠮᠦᠷ ᠵᠠᠮ ᠤᠨ ᠠᠮᠤᠷ ᠲᠦᠪᠰᠢᠨ ᠤ ᠲᠡᠭᠡᠭᠡᠪᠦᠷᠢ ᠳᠤ ᠰᠡᠷᠭᠡᠶᠢᠯᠡᠯᠲᠡ ᠶᠢᠨ ᠪᠠᠲᠤᠯᠠᠭ᠎ᠠ ᠬᠠᠩᠭᠠᠨ᠎ᠠ᠃    ︵17︶  ᠯᠢᠨᠳᠦ᠋ᠩ ᠤᠨ ᠵᠠᠮ ᠱᠤᠭᠤᠮ ᠤᠨ ᠦᠶ᠋ᠯᠡᠳᠪᠦᠷᠢ ᠶᠢᠨ ᠲᠠᠰᠤᠭ᠄ ᠲᠡᠮᠦᠷ ᠵᠠᠮ ᠤᠨ ᠬᠡᠷᠡᠭᠯᠡᠬᠦ ᠭᠠᠵᠠᠷ ︵ᠤᠯᠠᠭᠠᠨ ᠱᠤᠭᠤᠮ︶ ᠤᠨ ᠳᠣᠲᠣᠷᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠲᠡᠮᠦᠷ ᠵᠠᠮ ᠤᠨ ᠬᠡᠷᠡᠭᠯᠡᠬᠦ ᠭᠠᠵᠠᠷ ︵ᠤᠯᠠᠭᠠᠨ ᠱᠤᠭᠤᠮ︶ ᠤᠨ ᠭᠠᠳᠠᠨᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠲᠠᠩᠰᠠ ᠡᠪᠬᠡᠮᠡᠯ ᠪᠠᠶᠢᠭᠤᠯᠵᠤ᠂ ᠬᠤᠰᠢᠭᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ᠂ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠬᠠᠮᠵᠢᠯᠴᠠᠨ᠎ᠠ᠃    ︵18︶ ᠯᠢᠨᠳᠦ᠋ᠩ ᠥᠷᠲᠡᠭᠡ᠂ ᠶᠠᠮᠤᠨ ᠤ ᠰᠦᠮ᠎ᠡ ᠥᠷᠲᠡᠭᠡ᠄ ᠲᠡᠷᠭᠡᠨ ᠥᠷᠲᠡᠭᠡᠨ ᠤ ᠲᠡᠮᠦᠷ ᠵᠠᠮ ᠤᠨ ᠬᠤᠶᠠᠷ ᠦᠵᠦᠭᠦᠷ ᠤᠨ ᠥᠷᠲᠡᠭᠡᠨ ᠳᠤ ᠣᠷᠣᠬᠤ ᠳᠣᠬᠢᠶᠠᠨ ᠮᠠᠰᠢᠨ ᠤ ᠳᠣᠲᠣᠷ᠎ᠠ ᠲᠠᠯ᠎ᠠ᠂ ᠲᠡᠷᠭᠡᠨ ᠥᠷᠲᠡᠭᠡᠨ ᠤ ᠬᠠᠷᠢᠶ᠎ᠠ ᠣᠷᠣᠨ ᠤ ᠳᠣᠲᠣᠷ᠎ᠠ ᠭᠠᠳᠠᠨᠠᠬᠢ ᠣᠷᠴᠢᠨ ᠲᠣᠭᠤᠷᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠲᠡᠮᠦᠷ ᠵᠠᠮ ᠤᠨ ᠬᠡᠷᠡᠭᠯᠡᠬᠦ ᠭᠠᠵᠠᠷ ᠤᠨ ᠭᠠᠳᠠᠨᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠲᠠᠩᠰᠠ ᠡᠪᠬᠡᠮᠡᠯ ᠪᠠᠶᠢᠭᠤᠯᠤᠨ᠂ ᠴᠠᠭ ᠲᠤᠬᠠᠶ ᠳᠤᠨᠢ ᠬᠤᠰᠢᠭᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠲᠤ ᠮᠡᠳᠡᠭᠦᠯᠵᠦ᠂ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠬᠠᠮᠵᠢᠯᠴᠠᠨ᠎ᠠ᠃    ᠭᠤᠷᠪᠠ᠂ ᠠᠵᠢᠯᠯᠠᠭᠠᠨ  ᠤ  ᠲᠣᠭᠲᠠᠴᠠ    ︵ᠨᠢᠭᠡ︶ ᠲᠣᠭᠤᠷᠢᠨ ᠪᠠᠶᠢᠴᠠᠭᠠᠵᠤ ᠪᠠᠶᠢᠴᠠᠭᠠᠬᠤ ᠵᠢᠴᠢ ᠠᠰᠠᠭᠤᠳᠠᠯ ᠢ ᠰᠢᠶ᠋ᠳᠪᠦᠷᠢᠯᠡᠬᠦ    ︽ᠬᠤᠤᠰ ᠬᠡᠰᠡᠭ ᠤᠨ ᠳᠠᠷᠤᠭ᠎ᠠ︾ ᠶᠢᠨ ᠳᠦᠷᠢᠮᠲᠦ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠳᠤ ︽ᠲᠣᠭᠤᠷᠢᠨ ᠪᠠᠶᠢᠴᠠᠭᠠᠵᠤ ᠪᠠᠶᠢᠴᠠᠭᠠᠬᠤ — ᠬᠠᠷᠢᠭᠤ ᠲᠤᠰᠬᠠᠬᠤ ᠮᠡᠳᠡᠭᠦᠯᠦᠯᠲᠡ — ᠵᠣᠬᠢᠴᠠᠭᠤᠯᠬᠤ — ᠴᠠᠭ ᠲᠤᠬᠠᠶ ᠳᠤᠨᠢ ᠰᠢᠢᠳᠪᠦᠷᠢᠯᠡᠬᠦ — ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠬᠤ︾ ᠬᠠᠮᠢᠶᠠᠷᠤᠯᠲᠠ ᠶᠢᠨ ᠶᠠᠪᠤᠴᠠ ᠶᠢ ᠬᠡᠷᠡᠭᠵᠢᠭᠦᠯᠦᠨ᠎ᠡ᠃    1.ᠲᠣᠭᠤᠷᠢᠨ ᠪᠠᠶᠢᠴᠠᠭᠠᠵᠤ ᠪᠠᠶᠢᠴᠠᠭᠠᠬᠤ᠃ ᠣᠷᠣᠨ ᠨᠤᠲᠤᠭ᠂ ᠲᠡᠮᠦᠷ ᠵᠠᠮ ᠤᠨ ᠬᠡᠰᠡᠭ ᠤᠨ ᠳᠠᠷᠤᠭ᠎ᠠ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠨᠥᠯᠥᠭᠡᠯᠡᠬᠦ ᠠᠮᠤᠷ ᠲᠦᠪᠰᠢᠨ ᠤ ᠲᠥᠷᠥᠯ ᠤᠨ ᠠᠰᠠᠭᠤᠳᠠᠯ ᠢ ᠣᠯᠵᠤ ᠮᠡᠳᠡᠪᠡᠯ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠠᠰᠠᠭᠤᠳᠠᠯ ᠡᠭᠦᠰᠦᠭᠰᠡᠨ ᠭᠠᠵᠠᠷ ᠤᠨ ᠲᠡᠮᠦᠷ ᠵᠠᠮ ᠪᠤᠶᠤ ᠣᠷᠣᠨ ᠨᠤᠲᠤᠭ ᠤᠨ ᠲᠣᠮᠢᠯᠠᠭᠰᠠᠨ ᠰᠠᠯᠪᠤᠷᠢ ᠳᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃ ᠠᠰᠠᠭᠤᠳᠠᠯ ᠭᠠᠷᠤᠭᠰᠠᠨ ᠭᠠᠵᠠᠷ ᠤᠨ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠵᠤ᠂ ᠲᠡᠮᠦᠷ ᠵᠠᠮ ᠳᠠᠭᠠᠤ ᠶᠢᠨ ᠨᠡᠶᠢᠭᠡᠮ ᠤᠨ ᠠᠮᠤᠷ ᠲᠦᠪᠰᠢᠨ ᠢ ᠨᠥᠯᠥᠭᠡᠯᠡᠵᠦ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠬᠠᠮᠲᠤᠷᠠᠨ ᠴᠡᠭᠴᠡᠯᠡᠨ ᠵᠠᠰᠠᠵᠤ ᠪᠠᠶᠢᠴᠠᠭᠠᠨ ᠰᠢᠢᠳᠪᠦᠷᠢᠯᠡᠨ᠎ᠡ᠃    2.ᠬᠠᠷᠢᠭᠤ ᠲᠤᠰᠬᠠᠭᠰᠠᠨ ᠮᠡᠳᠡᠭᠦᠯᠦᠯᠲᠡ᠃ ᠣᠷᠣᠨ ᠨᠤᠲᠤᠭ᠂ ᠲᠡᠮᠦᠷ ᠵᠠᠮ ᠤᠨ ᠬᠡᠰᠡᠭ ᠤᠨ ᠳᠠᠷᠤᠭ᠎ᠠ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠨᠥᠯᠥᠭᠡᠯᠡᠬᠦ ᠣᠷᠴᠢᠨ ᠲᠣᠭᠤᠷᠢᠨ ᠤ ᠠᠰᠠᠭᠤᠳᠠᠯ ᠢ ᠣᠯᠵᠤ ᠮᠡᠳᠡᠪᠡᠯ ᠂ ᠬᠠᠮᠢᠶ᠎ᠠ ᠪᠥᠬᠦᠶ ᠮᠡᠳᠡᠭᠡ ᠵᠠᠩᠭᠢ ᠶᠢ ᠲᠡᠮᠳᠡᠭᠯᠡᠬᠦ ᠬᠡᠷᠡᠭᠲᠡᠶ᠃ ᠲᠡᠮᠦᠷ ᠵᠠᠮ ᠤᠨ ᠨᠢᠭᠡᠴᠡ ᠠᠴᠠ ᠪᠣᠯᠤᠭᠰᠠᠨ ᠪᠠᠶᠢᠪᠠᠯ᠂ ᠲᠡᠮᠦᠷ ᠵᠠᠮ ᠤᠨ ᠬᠡᠰᠡᠭ ᠤᠨ ᠳᠠᠷᠤᠭ᠎ᠠ ᠬᠠᠷᠢᠭᠤᠴᠠᠨ ᠲᠡᠮᠦᠷ ᠵᠠᠮ ᠤᠨ ᠨᠢᠭᠡᠴᠡ ᠶᠢ ᠵᠣᠬᠢᠴᠠᠭᠤᠯᠵᠤ ᠪᠠᠶᠢᠭᠠᠳ ᠴᠡᠭᠴᠡᠯᠡᠨ ᠥᠭᠡᠷᠡᠴᠢᠯᠡᠵᠦ ᠳ᠋ᠤᠭᠠᠷ ᠢ ᠨᠢ ᠬᠠᠰᠤᠬᠤ ᠠᠵᠢᠯ ᠢ ᠵᠣᠬᠢᠶᠠᠨ ᠪᠠᠶᠢᠭᠤᠯᠤᠨ᠎ᠠ︔ ᠣᠷᠣᠨ ᠨᠤᠲᠤᠭ ᠤᠨ ᠠᠵᠤ ᠠᠬᠤᠶᠢᠯᠠᠯ᠂ ᠨᠢᠭᠡᠴᠡ ᠪᠣᠯᠤᠨ ᠬᠤᠪᠢ ᠬᠥᠮᠦᠨ ᠤ ᠰᠢᠯᠲᠠᠭᠠᠨ ᠠᠴᠠ ᠪᠣᠯᠤᠭᠰᠠᠨ ᠪᠠᠶᠢᠪᠠᠯ᠂ ᠣᠷᠣᠨ ᠨᠤᠲᠤᠭ ᠤᠨ ᠬᠡᠰᠡᠭ ᠤᠨ ᠳᠠᠷᠤᠭ᠎ᠠ ᠠᠴᠠ ᠵᠣᠬᠢᠴᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠴᠡᠭᠴᠡᠯᠡᠨ ᠥᠭᠡᠷᠡᠴᠢᠯᠡᠵᠦ ᠳ᠋ᠤᠭᠠᠷ ᠢ ᠨᠢ ᠬᠠᠰᠤᠨ᠎ᠠ᠃    3. ᠵᠣᠬᠢᠴᠠᠭᠤᠯᠭ᠎ᠠ ᠥᠷᠨᠢᠭᠦᠯᠦᠨ᠎ᠡ᠃ ᠲᠣᠰ ᠱᠠᠲᠤᠨ ᠤ ᠰᠢᠶ᠋ᠳᠪᠦᠷᠢᠯᠡᠵᠦ ᠳᠡᠶᠢᠯᠬᠦ ᠠᠰᠠᠭᠤᠳᠠᠯ ᠢ ᠵᠠᠮ ᠪᠠ ᠭᠠᠵᠠᠷ ᠣᠷᠣᠨ ᠬᠤᠶᠠᠷ ᠲᠠᠯ᠎ᠠ ᠪᠠᠷ ᠢᠶᠠᠨ ᠴᠥᠮ ᠲᠣᠰ ᠨᠢᠭᠡᠴᠡ ᠪᠤᠶᠤ ᠪᠤᠰᠤᠳ ᠨᠢᠭᠡᠴᠡ ᠲᠠᠢ ᠵᠣᠬᠢᠴᠠᠭᠤᠯᠤᠨ ᠰᠢᠶ᠋ᠳᠪᠦᠷᠢᠯᠡᠬᠦ ᠬᠡᠷᠡᠭᠲᠡᠶ︔ ᠬᠤᠶᠠᠷ ᠲᠠᠯ᠎ᠠ ᠶᠢᠨ ᠬᠡᠰᠡᠭ ᠤᠨ ᠳᠠᠷᠤᠭ᠎ᠠ ᠶᠢᠨ ᠰᠢᠶ᠋ᠳᠪᠦᠷᠢᠯᠡᠬᠦ ᠴᠢᠳᠠᠪᠤᠷᠢ ᠠᠴᠠ ᠳᠠᠪᠠᠭᠰᠠᠨ ᠠᠰᠠᠭᠤᠳᠠᠯ ᠪᠤᠶᠤ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠬᠤᠶᠠᠷ ᠲᠠᠯ᠎ᠠ ᠶᠢᠨ ᠬᠡᠰᠡᠭ ᠤᠨ ᠳᠠᠷᠤᠭ᠎ᠠ ᠴᠠᠭ ᠲᠤᠬᠠᠶ ᠳᠤᠨᠢ ᠳᠡᠭᠡᠳᠦ ᠱᠠᠲᠤᠨ ᠳᠤ ᠮᠡᠳᠡᠭᠦᠯᠵᠦ ᠵᠣᠬᠢᠴᠠᠭᠤᠯᠤᠨ ᠰᠢᠢᠳᠪᠦᠷᠢᠯᠡᠭᠦᠯᠵᠤ᠂ ᠴᠢᠬᠤᠯᠠᠲᠠᠶ ᠦᠶ᠎ᠡ ᠳᠤ ᠳᠡᠭᠡᠭᠰᠢ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠬᠠᠤᠯᠢ ᠲᠣᠭᠲᠠᠭᠠᠯ ᠶᠣᠰᠣᠭᠠᠷ  ᠰᠢᠢᠳᠪᠦᠷᠢᠯᠡᠭᠦᠯᠦᠨ᠎ᠡ᠃    4. ᠴᠠᠭ ᠲᠤᠬᠠᠶ ᠳᠤᠨᠢ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ᠂ ᠳᠡᠭᠡᠳᠦ ᠱᠠᠲᠤᠨ ᠤ ᠬᠡᠰᠡᠭ ᠤᠨ ᠳᠠᠷᠤᠭ᠎ᠠ ᠶᠢᠨ ᠲᠤᠰᠢᠶᠠᠭᠰᠠᠨ ᠵᠦᠶ᠋ᠯᠡᠰ ᠵᠢᠴᠢ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠲᠣᠰ ᠱᠠᠲᠤᠨ ᠤ ᠬᠡᠰᠡᠭ ᠤᠨ ᠳᠠᠷᠤᠭ᠎ᠠ ᠲᠦᠷᠦᠭᠦᠯᠡᠨ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠴᠠᠭ ᠲᠤᠬᠠᠶ ᠳᠤᠨᠢ ᠪᠦᠲᠦᠮᠵᠢᠲᠡᠶ ᠰᠢᠶ᠋ᠳᠪᠦᠷᠢᠯᠡᠬᠦ ᠶᠢᠨ ᠬᠠᠮᠲᠤ ᠰᠠᠶᠢᠲᠤᠷ ᠲᠡᠮᠳᠡᠭᠯᠡᠯ ᠬᠢᠨ᠎ᠠ︔ ᠴᠡᠭᠴᠡᠯᠡᠨ ᠵᠠᠰᠠᠬᠤ ᠳᠤ ᠪᠡᠷᠬᠡᠲᠡᠶ ᠠᠮᠤᠷ ᠲᠦᠪᠰᠢᠨ ᠤ ᠣᠷᠴᠢᠨ ᠠᠬᠤᠶ ᠶᠢᠨ ᠳᠠᠯᠳᠠ ᠬᠡᠮ ᠢ ᠫᠠᠶᠢᠰᠠ ᠡᠯᠭᠦᠨ ᠰᠢᠮᠳᠠᠭᠤᠯᠤᠨ ᠰᠢᠢᠳᠪᠦᠷᠢᠯᠡᠭᠦᠯᠬᠦ᠂ ᠪᠠᠶᠢᠴᠠᠭᠠᠬᠤ ᠰᠠᠨᠠᠭᠤᠯᠭ᠎ᠠ ᠳᠤᠷᠠᠳᠬᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠦᠷᠢᠯᠡᠨ᠎ᠡ᠃    5. ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠤᠨ᠎ᠠ᠃ ᠵᠠᠮ ᠪᠠ ᠭᠠᠵᠠᠷ ᠣᠷᠣᠨ ᠤ ᠬᠤᠶᠠᠷ ᠲᠠᠯ᠎ᠠ ᠪᠠᠷ ᠢᠶᠠᠨ ᠲᠣᠰ ᠲᠣᠰ ᠲᠠᠭᠠᠨ ᠮᠡᠳᠡᠭᠦᠯᠬᠦ᠂ ᠰᠢᠢᠳᠪᠦᠷᠢᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠵᠠᠷᠯᠢᠭᠳᠠᠬᠤ ᠵᠡᠷᠭᠡ ᠠᠵᠢᠯ ᠤᠨ ᠲᠠᠰ ᠳᠠᠷᠠᠭᠠᠯᠠᠯ ᠪᠠ ᠬᠡᠯᠪᠡᠷᠢ ᠪᠠᠷ ᠳᠠᠯᠳᠠ ᠬᠡᠮ ᠢ ᠴᠡᠭᠴᠡᠯᠡᠨ ᠵᠠᠰᠠᠬᠤ ᠶᠢ ᠰᠢᠮᠳᠠᠭᠤᠯᠬᠤ ᠶᠢᠨ ᠬᠠᠮᠲᠤ᠂ ︽ᠨᠢᠭᠡ ᠬᠡᠷᠡᠭ ᠲᠤ ᠨᠢᠭᠡ ᠲᠠᠩᠰᠠ ᠡᠪᠬᠡᠮᠡᠯ︾ ᠢ ᠪᠠᠶᠢᠭᠤᠯᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠬᠡᠷᠡᠭᠲᠡᠶ᠃ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠵᠠᠰᠠᠭᠰᠠᠨ ᠤ ᠳᠠᠷᠠᠭ᠎ᠠ᠂ ᠣᠷᠣᠨ ᠨᠤᠲᠤᠭ ᠤᠨ ᠬᠡᠰᠡᠭ ᠤᠨ ᠳᠠᠷᠤᠭ᠎ᠠ ᠠᠴᠠ ᠲᠡᠮᠦᠷ ᠵᠠᠮ ᠤᠨ ᠬᠡᠰᠡᠭ ᠤᠨ ᠳᠠᠷᠤᠭ᠎ᠠ ᠶᠢ ᠵᠣᠬᠢᠶᠠᠨ ᠪᠠᠶᠢᠭᠤᠯᠵᠤ ᠬᠠᠮᠲᠤ ᠪᠠᠷ ᠨᠤᠲᠠᠯᠠᠬᠤ ᠶᠢᠨ ᠬᠠᠮᠲᠤ ᠴᠠᠭ ᠲᠤᠬᠠᠶ ᠳᠤᠨᠢ ᠳ᠋ᠤᠭᠠᠷ ᠢ ᠨᠢ ᠬᠦᠴᠦᠨ ᠥᠬᠡᠶ ᠪᠣᠯᠭᠠᠨ᠎ᠠ︔ ᠲᠤᠬᠠᠶ ᠶᠢᠨ ᠲᠠᠯᠠᠪᠤᠷ ᠤᠨ ᠠᠰᠠᠭᠤᠳᠠᠯ ᠢ ᠰᠠᠶᠢᠲᠤᠷ ᠰᠢᠶ᠋ᠳᠪᠦᠷᠢᠯᠡᠭᠰᠡᠨ ᠥᠬᠡᠶ ᠶᠢ ᠨᠢ ᠳᠣᠤᠷ᠎ᠠ ᠱᠠᠲᠤ ᠠᠴᠠ ᠳᠡᠭᠡᠭᠰᠢ ᠱᠠᠲᠤ ᠳᠠᠷᠠᠭᠠᠯᠠᠨ ᠬᠠᠷᠢᠭᠤ ᠮᠡᠳᠡᠭᠦᠯᠵᠦ ᠂ ᠱᠠᠲᠤ ᠳᠠᠷᠠᠭᠠᠯᠠᠨ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠵᠠᠷᠯᠢᠭ ᠪᠠᠭᠤᠯᠭᠠᠨ᠎ᠠ︔ ᠬᠦᠨᠳᠦ ᠶᠡᠭᠡ ᠨᠥᠯᠥᠭᠡ ᠭᠠᠷᠭᠠᠭᠰᠠᠨ ᠪᠠᠶᠢᠪᠠᠯ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠱᠠᠲᠤ ᠳᠠᠷᠠᠭᠠᠯᠠᠨ ᠴᠢᠩᠭ᠎ᠠ ᠨᠡᠬᠡᠮᠵᠢᠯᠡᠬᠦ ᠬᠡᠷᠡᠭᠲᠡᠶ᠃    ︵ᠬᠤᠶᠠᠷ︶ ᠲᠣᠭᠤᠷᠢᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢᠨ ᠬᠤᠪᠢᠶᠠᠷᠢᠯᠠᠯ    ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠬᠠᠮᠲᠤᠷᠠᠨ ᠲᠣᠭᠤᠷᠢᠨ ᠪᠠᠶᠢᠴᠠᠭᠠᠬᠤ ᠲᠥᠯᠥᠪᠯᠡᠭᠡ ᠶᠣᠰᠣᠭᠠᠷ᠂ ᠲᠡᠮᠦᠷ ᠵᠠᠮ ᠤᠨ ᠭᠠᠵᠠᠷ ᠤᠨ ᠵᠠᠭᠠᠭ ᠢᠶᠠᠷ ᠤᠯᠠᠭᠠᠨ ᠱᠤᠭᠤᠮ ᠪᠣᠯᠭᠠᠵᠤ᠂ ᠲᠡᠮᠦᠷ ᠵᠠᠮ ᠤᠨ ᠭᠠᠵᠠᠷ ᠤᠨ ᠵᠠᠭᠠᠭ ︵ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠢ ᠪᠠᠭᠲᠠᠭᠠᠨ᠎ᠠ︶ ᠤᠨ ᠲᠣᠭᠤᠷᠢᠨ ᠪᠠᠶᠢᠴᠠᠭᠠᠬᠤ ᠶᠢ ︽ᠲᠡᠮᠦᠷ ᠵᠠᠮ ᠤᠨ ᠬᠡᠰᠡᠭ ᠤᠨ ᠳᠠᠷᠤᠭ᠎ᠠ︾ ᠬᠠᠷᠢᠭᠤᠴᠠᠵᠤ᠂ ᠲᠡᠮᠦᠷ ᠵᠠᠮ ᠤᠨ ᠭᠠᠵᠠᠷ ᠤᠨ ᠵᠠᠭᠠᠭ ᠤᠨ ᠭᠠᠳᠠᠨᠠᠬᠢ ᠵᠢᠴᠢ 500 ᠮᠧᠲᠷ ᠤᠨ ᠬᠡᠪᠴᠢᠶᠡᠨ ᠳᠠᠬᠢ ᠲᠣᠭᠤᠷᠢᠨ ᠪᠠᠶᠢᠴᠠᠭᠠᠬᠤ ᠶᠢ ︽ᠣᠷᠣᠨ ᠨᠤᠲᠤᠭ ᠤᠨ ᠬᠡᠰᠡᠭ ᠤᠨ ᠳᠠᠷᠤᠭ᠎ᠠ︾ ᠬᠠᠷᠢᠭᠤᠴᠠᠨ᠎ᠠ᠃ ᠲᠡᠮᠦᠷ ᠵᠠᠮ ᠤᠨ ᠡᠯ᠎ᠡ ᠱᠠᠲᠤᠨ ᠤ ᠬᠡᠰᠡᠭ ᠤᠨ ᠳᠠᠷᠤᠭ᠎ᠠ ᠨᠢ ᠲᠤᠬᠠᠶ ᠶᠢᠨ ᠲᠠᠯᠠᠪᠤᠷ ᠤᠨ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ᠂ ᠲᠣᠭᠤᠷᠢᠨ ᠪᠠᠶᠢᠴᠠᠭᠠᠵᠤ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠬᠤᠯᠪᠣᠭᠳᠠᠯ ᠪᠥᠬᠦᠶ ᠬᠥᠮᠦᠰ ᠢ ᠵᠣᠬᠢᠶᠠᠨ ᠪᠠᠶᠢᠭᠤᠯᠤᠨ ᠶᠠᠪᠠᠭᠠᠨ ᠶᠠᠪᠤᠬᠤ ᠪᠤᠶᠤ ᠨᠡᠮᠡᠵᠦ ᠰᠠᠭᠤᠯᠭᠠᠵᠤ ᠪᠠᠶᠢᠴᠠᠭᠠᠬᠤ ᠵᠡᠷᠭᠡ ᠬᠡᠯᠪᠡᠷᠢ ᠶᠢ ᠠᠪᠴᠤ᠂ ᠬᠠᠷᠢᠶᠠᠯᠠᠬᠤ ᠬᠡᠪᠴᠢᠶᠡᠨ ᠳᠠᠬᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠳᠤ ᠵᠡᠷᠭᠡ ᠳᠤᠨᠢ ᠪᠠᠶᠢᠴᠠᠭᠠᠯᠲᠠ ᠬᠢᠵᠦ᠂ ᠲᠡᠮᠦᠷ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠬᠤᠷᠢᠭᠯᠠᠨ ᠵᠣᠭᠰᠣᠭᠠᠬᠤ ᠬᠡᠷᠡᠭᠲᠡᠶ᠃    ︵ᠭᠤᠷᠪᠠ︶ ᠠᠰᠠᠭᠤᠳᠠᠯ ᠢ ᠲᠠᠰ ᠲᠥᠷᠥᠯ ᠬᠤᠪᠢᠶᠠᠨ ᠬᠠᠮᠢᠶᠠᠷᠬᠤ    ᠲᠡᠮᠦᠷ ᠵᠠᠮ ᠤᠨ ᠭᠠᠳᠠᠷ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠢ ᠬᠦᠨᠳᠦ ᠶᠡᠭᠡ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠪᠠ ᠡᠩ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠣᠷᠴᠢᠨ ᠠᠬᠤᠶ ᠶᠢᠨ ᠠᠮᠤᠷ ᠲᠦᠪᠰᠢᠨ ᠤ ᠬᠦᠨᠳᠦ ᠶᠡᠭᠡ ᠲᠠᠯᠳᠠ ᠭᠡᠮ ᠭᠡᠳᠡᠭ ᠨᠢ ᠲᠡᠮᠤᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠤᠴᠠᠷᠠᠭᠤᠯᠬᠤ ᠬᠤᠣᠷ ᠬᠥᠨᠥᠭᠡᠯ ᠤᠨ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠳᠤ ᠨᠡᠯᠢᠶᠡᠳ ᠬᠦᠴᠢᠷᠲᠡᠶ ᠪᠠᠶᠢᠵᠤ᠂ ᠳᠡᠭᠡᠳᠦ ᠬᠤᠷᠳᠤᠴᠠᠲᠤ ᠲᠡᠮᠤᠷ ᠵᠠᠮ ᠪᠠ ᠠᠶᠠᠨᠴᠢᠳ ᠤᠨ ᠴᠤᠪᠤᠭ᠎ᠠ ᠲᠡᠷᠭᠡᠨ ᠤ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠠᠵᠤ ᠠᠬᠤᠶ ᠶᠢᠨ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ᠂ ᠲᠡᠭᠡᠭᠡᠪᠦᠷᠢᠯᠡᠬᠦ ᠶᠢ ᠵᠣᠭᠰᠣᠭᠠᠬᠤ ᠠᠷᠭ᠎ᠠ ᠬᠡᠮᠵᠢᠶ᠎ᠡ ᠶᠢ ᠲᠡᠷᠡ ᠳᠠᠷᠤᠶ ᠳᠤᠨᠢ ᠠᠪᠬᠤ ᠬᠡᠷᠡᠭᠲᠡᠶ ᠠᠮᠤᠷ ᠲᠦᠪᠰᠢᠨ ᠤ ᠲᠠᠯᠳᠠ ᠭᠡᠮ ᠢ ᠵᠢᠭᠠᠵᠤ ᠪᠠᠶᠢᠨ᠎ᠠ᠃ ᠡᠩ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠭᠡᠳᠡᠭ ᠨᠢ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠤᠴᠠᠷᠠᠭᠤᠯᠬᠤ ᠬᠤᠤᠷ ᠬᠥᠨᠥᠭᠡᠯ ᠤᠨ ᠬᠡᠮᠵᠢᠶ᠎ᠡ ᠬᠠᠷᠢᠴᠠᠩᠭᠤᠶ ᠪᠠᠷ ᠨᠡᠯᠢᠶᠡᠳ ᠪᠠᠭ᠎ᠠ ᠪᠠᠶᠢᠵᠤ᠂ ᠣᠯᠵᠤ ᠮᠡᠳᠡᠭᠰᠡᠨ ᠤ ᠳᠠᠷᠠᠭ᠎ᠠ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠠᠷᠢᠯᠭᠠᠵᠤ ᠳᠡᠶᠢᠯᠬᠦ ᠠᠮᠤᠷ ᠲᠦᠪᠰᠢᠨ ᠤ ᠳᠠᠯᠳᠠ ᠬᠡᠮ ᠢ ᠵᠢᠭᠠᠵᠤ ᠪᠣᠶ᠃ ᠡᠩ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠭᠤᠷᠪᠠᠨ ᠳᠡᠰ ᠬᠤᠪᠢᠶᠠᠨ᠎ᠠ ᠄ ᠨᠢᠭᠡᠳᠦᠭᠡᠷ ᠳᠡᠰ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠭᠡᠳᠡᠭ ᠨᠢ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠨᠡᠯᠢᠶᠡᠳ ᠶᠡᠭᠡ ᠨᠥᠯᠥᠭᠡ ᠲᠠᠢ ᠪᠤᠶᠤ ᠳᠡᠭᠡᠳᠦ ᠬᠤᠷᠳᠤᠴᠠᠲᠤ ᠲᠡᠮᠦᠷ ᠵᠠᠮ ᠪᠠ ᠠᠶᠠᠨᠴᠢᠳ ᠤᠨ ᠭᠠᠯᠲᠤ ᠲᠡᠷᠭᠡᠨ ᠤ ᠲᠡᠭᠡᠭᠡᠪᠦᠷᠢ ᠶᠢᠨ ᠠᠮᠤᠷ ᠲᠦᠪᠰᠢᠨ ᠳᠤ ᠵᠣᠬᠢᠬᠤ ᠬᠡᠮᠵᠢᠶᠡᠨ ᠤ ᠰᠦᠷᠳᠡᠭᠦᠯᠦᠯ ᠪᠣᠯᠵᠣ ᠮᠡᠳᠡᠬᠦ ᠬᠡᠮ ᠰᠣᠭᠤᠭ ᠢ ᠵᠢᠭᠠᠨ᠎ᠠ︔ ᠬᠤᠶᠠᠳᠤᠭᠠᠷ ᠳᠡᠰ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠭᠡᠳᠡᠭ ᠨᠢ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠨᠥᠯᠥᠭᠡᠯᠡᠬᠦ ᠨᠢ ᠨᠡᠯᠢᠶᠡᠳ ᠪᠠᠭ᠎ᠠ᠂ ᠲᠡᠮᠦᠷ ᠵᠠᠮ ᠤᠨ ᠲᠡᠭᠡᠭᠡᠪᠦᠷᠢ ᠶᠢᠨ ᠡᠮᠬᠢ ᠳᠢᠭᠯᠢᠮ ᠢ ᠵᠣᠬᠢᠬᠤ ᠬᠡᠮᠵᠢᠶ᠎ᠡ ᠪᠠᠷ ᠨᠥᠯᠥᠭᠡᠯᠡᠬᠦ ᠳᠠᠯᠳᠠ ᠭᠡᠮ ᠢ ᠵᠢᠭᠠᠵᠤ ᠪᠣᠢ᠃ ᠭᠤᠷᠪᠠᠳᠤᠭᠠᠷ ᠳᠡᠰ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠭᠡᠮ ᠭᠡᠳᠡᠭ ᠨᠢ ᠠᠮᠤᠷ ᠲᠦᠪᠰᠢᠨ ᠤ ᠪᠤᠰᠤᠳ ᠬᠥᠩᠭᠡᠨ ᠳᠠᠯᠳᠠ ᠭᠡᠮ ᠢ ᠵᠢᠭᠠᠵᠤ ᠪᠠᠶᠢᠨ᠎ᠠ᠃    ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠡᠮᠦᠷ ᠵᠠᠮ ᠤᠨ ᠬᠠᠮᠢᠶ᠎ᠠ ᠪᠥᠬᠦᠶ ᠨᠢᠭᠡᠴᠡ᠂ ᠰᠠᠯᠠᠭ᠎ᠠ ᠮᠥᠴᠢᠷ ᠯᠦᠭᠡ ᠬᠠᠮᠲᠤᠪᠠᠷ ᠳᠠᠯᠳᠠ ᠬᠡᠮ ᠢ ᠴᠡᠭᠴᠡᠯᠡᠨ ᠵᠠᠰᠠᠵᠤ ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃    ᠲᠡᠮᠦᠷ ᠵᠠᠮ ᠤᠨ ᠭᠠᠳᠠᠭᠠᠳᠤ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠠᠰᠠᠭᠤᠳᠠᠯ ᠤᠨ ᠰᠢᠨᠵᠢ ᠴᠢᠨᠠᠷ ᠢᠶᠠᠷ ᠨᠢ ᠭᠤᠤᠯᠳᠠᠭᠤ 18 ᠲᠥᠷᠥᠯ ᠳᠤ ᠬᠤᠪᠢᠶᠠᠨ᠎ᠠ᠃    1. ᠬᠠᠤᠯᠢ ᠠᠴᠠ ᠵᠥᠷᠢᠴᠡᠨ ᠪᠠᠷᠢᠯᠭ᠎ᠠ ᠪᠠᠷᠢᠭᠰᠠᠨ ᠲᠥᠷᠥᠯ᠃ ᠭᠤᠣᠯᠳᠠᠭᠤ ᠲᠡᠮᠦᠷ ᠵᠠᠮ ᠤᠨ ᠱᠤᠭᠤᠮ ᠤᠨ ᠠᠶᠤᠯ ᠥᠭᠡᠢ ᠶᠢᠨ ᠬᠠᠮᠠᠭᠠᠯᠠᠯᠲᠠ ᠶᠢᠨ ᠣᠷᠣᠨ  ᠤ ᠳᠣᠲᠣᠷ᠎ᠠ ᠰᠢᠷᠣᠶ ᠠᠪᠬᠤ᠂ ᠡᠯᠡᠰᠦ ᠮᠠᠯᠲᠠᠬᠤ᠂ ᠭᠤᠤ ᠮᠠᠯᠲᠠᠬᠤ ᠂ ᠳᠣᠣᠷ᠎ᠠ ᠨᠢ ᠡᠮᠦᠰᠴᠦ ᠠᠯᠤᠰᠯᠠᠵᠤ ᠪᠠᠷᠢᠯᠭ᠎ᠠ ᠪᠠᠷᠢᠬᠤ᠂ ᠬᠤᠭᠤᠰᠣᠨ ᠢᠶᠠᠷ ᠮᠠᠯᠲᠠᠬᠤ ᠠᠵᠢᠯ ᠬᠢᠬᠦ ᠵᠡᠷᠭᠡ ᠠᠶᠤᠯ ᠥᠭᠡᠢ ᠶᠢᠨ ᠲᠠᠯᠳᠠ ᠭᠡᠮ ᠢ ᠵᠢᠭᠠᠵᠤ ᠪᠤᠢ᠃    2.ᠠᠶᠤᠯᠲᠠᠶ ᠪᠣᠳᠠᠰ ᠤᠨ ᠵᠦᠢᠯ᠃ ᠭᠤᠣᠯᠳᠠᠭᠤ ᠲᠡᠮᠦᠷ ᠵᠡᠮ ᠳᠠᠭᠠᠤ ᠶᠢᠨ ᠬᠤᠶᠠᠷ ᠲᠠᠯ᠎ᠠ ᠶᠢᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠤᠢᠭᠡᠢ ᠠᠶᠤᠯᠭᠦᠶ ᠶᠢᠨ ᠰᠡᠷᠭᠡᠶᠢᠯᠡᠯᠲᠡ ᠶᠢᠨ ᠵᠠᠶ ᠳᠤ ᠨᠣᠴᠣᠮᠠᠲᠠᠭᠠᠶ᠂ ᠲᠡᠰᠦᠷᠡᠮᠡᠲᠡᠭᠡᠶ ᠪᠤᠶᠤ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ ᠵᠡᠷᠭᠡ ᠠᠶᠤᠯᠲᠠᠶ ᠡᠳ᠋ ᠪᠣᠳᠠᠰ ᠢ ᠦᠢᠯᠡᠳᠪᠦᠷᠢᠯᠡᠵᠦ ᠪᠣᠯᠪᠠᠰᠤᠷᠠᠭᠤᠯᠵᠤ ᠬᠠᠳᠠᠭᠠᠯᠠᠬᠤ ᠪᠤᠶᠤ ᠪᠣᠷᠣᠯᠠᠭᠤᠯᠬᠤ ᠲᠠᠯᠠᠪᠤᠷ ᠭᠠᠵᠠᠷ ᠤᠨ ᠬᠥᠮᠥᠷᠭᠡ ᠶᠢᠨ ᠠᠶᠤᠯᠭᠦᠶ ᠶᠢᠨ ᠲᠡᠯᠳᠠ ᠭᠡᠮ ᠢ ᠪᠠᠶᠢᠭᠤᠯᠵᠤ ᠪᠠᠶᠢᠭᠤᠯᠬᠤ ᠪᠠ ᠪᠠᠶᠢᠭᠤᠯᠬᠤ ᠶᠢ ᠵᠢᠭᠠᠵᠤ ᠪᠠᠶᠢᠨ᠎ᠠ᠃    3.ᠳᠡᠭᠡᠭᠰᠢ ᠠᠯᠤᠰᠯᠠᠵᠤ ᠵᠡᠷᠭᠡᠴᠡᠭᠦᠯᠬᠦ ᠲᠦᠷᠦᠯ᠃ ᠭᠤᠣᠯᠳᠠᠭᠤ ᠵᠠᠰᠠᠮᠠᠯ ᠵᠠᠮ ᠤᠨ ᠲᠡᠮᠦᠷ ᠵᠠᠮ ᠰᠤᠨᠳᠠᠯᠠᠭᠰᠠᠨ ᠬᠥᠭᠦᠷᠭᠡ ᠪᠣᠯᠤᠨ ᠵᠠᠰᠠᠮᠠᠯ ᠵᠠᠮ ᠤᠨ ᠲᠡᠮᠦᠷ ᠵᠠᠮ ᠢ ᠵᠡᠷᠭᠡᠪᠡᠷ ᠶᠠᠪᠤᠭᠤᠯᠬᠤ ᠬᠠᠯᠬᠠᠪᠴᠢ ᠬᠡᠷᠡᠰᠬᠡ ᠨᠢ ᠪᠠᠷᠢᠮᠵᠢᠶ᠎ᠠ ᠳᠤ ᠬᠥᠷᠥᠭᠰᠡᠨ ᠥᠭᠡᠢ᠂ ᠰᠡᠷᠡᠮᠵᠢᠯᠡᠭᠦᠯᠬᠦ ᠲᠡᠮᠳᠡᠭ ᠨᠢ ᠳᠤᠲᠠᠭᠳᠠᠭᠰᠠᠨ᠂ ᠲᠣᠭᠲᠠᠭᠠᠯ ᠠᠴᠠ ᠵᠥᠷᠢᠴᠡᠨ ᠠᠯᠭᠠᠰᠠᠭᠰᠠᠨ ᠲᠥᠬᠦᠭᠡᠷᠦᠮᠵᠢ ᠶᠢ ᠳᠠᠭᠠᠯᠳᠤᠭᠤᠯᠤᠨ ᠡᠯᠭᠦᠭᠰᠡᠨ᠂ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠬᠤᠷᠳᠤᠴᠠ ᠠᠴᠠ ᠬᠡᠲᠦᠷᠡᠭᠦᠯᠦᠭᠰᠡᠨ ᠵᠡᠷᠭᠡ ᠠᠶᠤᠯ ᠥᠭᠡᠢ ᠶᠢᠨ ᠲᠠᠯᠳᠠ ᠭᠡᠮ  ᠢ ᠵᠢᠭᠠᠵᠤ ᠪᠤᠢ᠃    4. ᠬᠠᠤᠯᠢ ᠠᠴᠠ ᠵᠥᠷᠢᠴᠡᠨ ᠤᠰᠤ ᠠᠪᠤᠭᠰᠠᠨ ᠲᠥᠷᠥᠯ᠃ ᠭᠤᠣᠯᠳᠠᠭᠤ ᠳᠡᠭᠡᠳᠦ ᠬᠤᠷᠳᠤ ᠶᠢᠨ ᠳᠡᠮᠤᠷ ᠵᠠᠮ ᠳᠠᠭᠠᠤ  ᠶᠢᠨ ᠮᠠᠯᠲᠠᠬᠤ ᠶᠢ ᠴᠠᠭᠠᠵᠠᠯᠠᠬᠤ ᠣᠷᠣᠨ ᠪᠠ ᠮᠠᠯᠲᠠᠬᠤ ᠶᠢ ᠬᠢᠵᠠᠭᠠᠷᠯᠠᠬᠤ ᠣᠷᠣᠨ   ᠳᠤ  ᠬᠠᠤᠯᠢ ᠠᠴᠠ ᠵᠥᠷᠢᠴᠡᠨ ᠭᠠᠵᠠᠷ ᠳᠣᠣᠷᠠᠬᠢ ᠤᠰᠤ ᠶᠢ ᠲᠠᠲᠠᠵᠤ ᠠᠪᠬᠤ ᠵᠢᠴᠢ ᠡᠩ ᠤᠨ ᠳᠡᠮᠤᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ  ᠭᠠᠵᠠᠷ ᠳᠣᠣᠷᠠᠬᠢ ᠤᠰᠤᠨ ᠤ ᠳᠦᠷᠦᠯ  ᠤᠨ ᠠᠮᠤᠷ ᠲᠦᠪᠰᠢᠨ ᠤ  ᠲᠠᠯᠳᠠ ᠭᠡᠮ  ᠢ ᠲᠠᠲᠠᠵᠤ ᠠᠪᠬᠤ ᠶᠢ ᠵᠢᠭᠠᠵᠤ ᠪᠤᠢ᠃    5.ᠭᠤᠣᠯ ᠤᠨ ᠵᠠᠮ ᠤᠨ ᠬᠥᠭᠦᠷᠭᠡ ᠶᠢᠨ ᠲᠥᠷᠥᠯ᠃ ᠡᠨᠡ ᠨᠢ ᠭᠤᠣᠯᠳᠠᠭᠤ ᠲᠡᠮᠦᠷ ᠵᠡᠮ ᠤᠨ ᠬᠥᠭᠦᠷᠭᠡ ᠶᠢᠨ ᠭᠤᠣᠯ ᠤᠨ ᠵᠡᠮ ᠤᠨ ᠳᠡᠭᠡᠳᠦ ᠲᠤᠤᠷᠡᠳᠦ ᠤᠷᠤᠰᠬᠠᠯ ᠤᠨ ᠬᠤᠷᠢᠭᠠᠲᠠᠶ ᠣᠷᠣᠨ ᠢ ᠰᠤᠨᠳᠠᠯᠠᠵᠤ ᠬᠠᠤᠯᠢ ᠶᠢ ᠵᠥᠷᠢᠴᠡᠨ ᠡᠯᠡᠰᠦ ᠮᠠᠯᠲᠠᠵᠤ ᠠᠯᠳᠠ ᠮᠠᠯᠲᠠᠬᠤ᠂ ᠯᠠᠶᠢᠳᠠᠬᠤ ᠠᠵᠢᠯ ᠬᠢᠬᠦ᠂ ᠬᠦᠷᠢᠶᠡᠯᠡᠨ ᠬᠠᠭᠠᠯᠪᠤᠷᠢᠯᠠᠵᠤ ᠲᠡᠷᠢᠶ᠎ᠠ ᠭᠠᠷᠭᠠᠬᠤ᠂ ᠭᠤᠣᠯ ᠢ ᠬᠠᠰᠢᠵᠤ ᠬᠠᠰᠢᠯᠭ᠎ᠠ ᠪᠠᠷᠢᠬᠤ᠂ ᠬᠥᠪᠦᠮᠡᠯ ᠬᠥᠭᠦᠷᠭᠡ ᠲᠠᠯᠪᠢᠬᠤ ᠪᠤᠶᠤ ᠲᠡᠮᠦᠷ ᠵᠡᠮ ᠤᠨ ᠬᠥᠭᠦᠷᠭᠡ ᠶᠢᠨ ᠠᠮᠤᠷ ᠲᠦᠪᠰᠢᠨ ᠢ ᠨᠥᠯᠥᠭᠡᠯᠡᠬᠦ ᠪᠤᠰᠤᠳ ᠲᠥᠬᠦᠭᠡᠷᠦᠮᠵᠢ ᠪᠠᠶᠢᠭᠤᠯᠬᠤ᠂ ᠵᠢᠴᠢ ᠬᠥᠭᠦᠷᠭᠡ ᠶᠢᠨ ᠲᠣᠭᠤᠷᠢᠭ ᠤᠨ ᠠᠶᠠᠯᠠᠯ ᠤᠨ ᠲᠡᠮᠳᠡᠭ ᠢ ᠲᠣᠭᠲᠠᠭᠠᠯ ᠶᠣᠰᠣᠭᠠᠷ ᠪᠠᠶᠢᠷᠢᠯᠠᠭᠤᠯᠤᠭᠰᠠᠨ ᠤᠢᠭᠡᠢ ᠵᠡᠷᠭᠡ ᠠᠮᠤᠷ ᠲᠦᠪᠰᠢᠨ ᠤ ᠲᠡᠯᠳᠠ ᠭᠡᠮ ᠢ ᠵᠢᠭᠠᠵᠤ ᠪᠠᠶᠢᠨ᠎ᠠ᠃    6. ᠨᠡᠭᠡᠭᠡᠨ ᠮᠠᠯᠲᠠᠬᠤ ᠳᠡᠯᠪᠡᠴᠢᠬᠦ ᠲᠦᠷᠦᠯ᠃ ᠭᠤᠣᠯᠳᠠᠭᠤ ᠬᠠᠤᠯᠢ ᠶᠢ ᠵᠥᠷᠢᠴᠡᠨ ᠠᠭᠤᠷᠬᠠᠶ ᠮᠠᠯᠲᠠᠬᠤ᠂ ᠴᠢᠯᠠᠭᠤ ᠭᠠᠷᠭᠠᠬᠤ ᠪᠤᠶᠤ ᠳᠡᠯᠪᠡᠴᠢᠬᠦ ᠠᠵᠢᠯ ᠬᠢᠬᠦ ᠲᠦᠷᠦᠯ ᠤᠨ ᠠᠮᠤᠷ ᠲᠦᠪᠰᠢᠨ ᠤ ᠲᠠᠯᠳᠠ ᠭᠡᠮ ᠢ ᠵᠢᠭᠠᠵᠤ ᠪᠠᠶᠢᠨ᠎ᠠ᠃    7. ᠪᠠᠶᠢᠭᠤᠯᠬᠤ ᠪᠠ ᠡᠵᠡᠯᠡᠬᠦ ᠶᠢ ᠵᠥᠷᠢᠴᠡᠭᠰᠡᠨ ᠲᠦᠷᠦᠯ᠃ ᠭᠤᠣᠯᠳᠠᠭᠤ ᠲᠡᠮᠦᠷ ᠵᠠᠮ ᠤᠨ ᠱᠤᠭᠤᠮ  ᠤᠨ ᠠᠶᠤᠯ ᠥᠭᠡᠢ ᠶᠢᠨ ᠬᠠᠮᠠᠭᠠᠯᠠᠯᠲᠠ ᠶᠢᠨ ᠣᠷᠣᠨ ᠳᠤ ᠬᠠᠤᠯᠢ ᠠᠴᠠ ᠵᠥᠷᠢᠴᠡᠨ ᠭᠡᠷ ᠪᠠᠶᠢᠰᠢᠩ ᠤᠨ ᠪᠡᠯᠡᠳᠬᠡᠮᠵᠢ ᠶᠢ ᠪᠠᠷᠢᠬᠤ᠂ ᠬᠠᠤᠯᠢ ᠠᠴᠠ ᠵᠥᠷᠢᠴᠡᠨ ᠭᠠᠵᠠᠷ ᠡᠵᠡᠯᠡᠬᠦ᠂ ᠬᠠᠤᠯᠢ ᠠᠴᠠ ᠵᠥᠷᠢᠴᠡᠨ ᠡᠵᠡᠩᠨᠡᠬᠦ ᠵᠡᠷᠭᠡ ᠠᠶᠤᠯ ᠥᠭᠡᠢ ᠶᠢᠨ ᠲᠠᠯᠳᠠ ᠭᠡᠮ ᠢ ᠵᠢᠭᠠᠵᠤ ᠪᠤᠢ᠃    8.ᠲᠠᠯᠳᠠ ᠭᠡᠮ ᠢ ᠣᠪᠣᠭᠠᠯᠠᠨ ᠲᠠᠯᠪᠢᠬᠤ ᠲᠦᠷᠦᠯ᠃ ᠭᠤᠣᠯᠳᠠᠭᠤ ᠲᠡᠮᠦᠷ ᠵᠠᠮ ᠤᠨ ᠱᠤᠭᠤᠮ ᠤᠨ ᠬᠤᠶᠠᠷ ᠲᠠᠯ᠎ᠠ ᠳᠤ ᠡᠯᠳᠡᠪ ᠶᠠᠭᠤᠮ᠎ᠠ᠂ ᠮᠠᠲ᠋ᠧᠷᠢᠶᠠᠯ᠂ ᠲᠥᠬᠦᠭᠡᠷᠦᠮᠵᠢ᠂ ᠰᠢᠷᠣᠶ ᠰᠢᠭᠠᠷᠤ ᠶᠢ ᠬᠠᠶᠠᠵᠤ ᠬᠠᠶᠠᠬᠤ ᠵᠢᠴᠢ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠭ ᠨᠣᠪᠰᠢ ᠬᠠᠶᠠᠬᠤ ᠪᠠ ᠪᠣᠬᠢᠷᠲᠤᠯ ᠭᠠᠳᠠᠭᠰᠢᠯᠠᠭᠤᠯᠬᠤ ᠵᠡᠷᠭᠡ ᠠᠮᠤᠷ ᠲᠦᠪᠰᠢᠨ ᠤ ᠳᠠᠯᠳᠠ ᠭᠡᠮ ᠢ ᠵᠢᠭᠠᠵᠤ ᠪᠠᠶᠢᠨ᠎ᠠ᠃    9.ᠤᠨᠠᠬᠤ ᠲᠠᠯᠳᠠ ᠭᠡᠮ ᠤᠨ ᠲᠦᠷᠦᠯ᠃ ᠡᠨᠡ ᠨᠢ ᠭᠤᠤᠯᠳᠠᠭᠤ ᠲᠡᠮᠦᠷ ᠵᠠᠮ ᠳᠠᠭᠠᠤ ᠶᠢᠨ ᠡᠯ᠎ᠡ ᠲᠥᠷᠥᠯ ᠤᠨ ᠱᠣᠩ ᠰᠤᠪᠤᠷᠭ᠎ᠠ᠂ ᠳᠡᠭᠡᠭᠦᠷ ᠰᠤᠨᠳᠠᠯᠠᠭᠰᠠᠨ ᠤᠲᠠᠰᠤ ᠳᠡᠭᠡᠰᠦ᠂ ᠥᠨᠳᠥᠷ ᠲᠣᠮᠣ ᠪᠡᠯᠡᠳᠬᠡᠮᠵᠢ ᠵᠡᠷᠭᠡ ᠳᠤ ᠣᠷᠣᠰᠢᠵᠤ ᠪᠠᠶᠢᠭ᠎ᠠ ᠨᠤᠷᠠᠵᠤ ᠤᠨᠠᠬᠤ ᠠᠮᠤᠷ ᠲᠦᠪᠰᠢᠨ ᠤ ᠳᠠᠯᠳᠠ ᠬᠡᠮ ᠢ ᠵᠢᠭᠠᠵᠤ ᠪᠣᠶ᠃    10. ᠮᠣᠳᠣ ᠳᠠᠷᠢᠬᠤ ᠳᠠᠯᠳᠠ ᠬᠡᠮ ᠤᠨ ᠲᠥᠷᠥᠯ᠃ ᠭᠤᠣᠯᠳᠠᠭᠤ ᠳᠡᠮᠤᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠳᠡᠮᠤᠷ ᠵᠠᠮ ᠤᠨ ᠱᠤᠭᠤᠮ ᠤᠨ ᠠᠮᠤᠷ ᠲᠦᠪᠰᠢᠨ ᠪᠠ ᠲᠡᠷᠭᠡ ᠶᠠᠪᠤᠬᠤ ᠶᠢ ᠨᠥᠯᠥᠭᠡᠯᠡᠬᠦ ᠪᠠᠷᠠᠯᠠᠬᠤ ᠮᠣᠳᠣ ᠵᠡᠷᠭᠡ ᠤᠷᠭᠤᠮᠠᠯ ᠢ ᠲᠠᠷᠢᠬᠤ ᠶᠢ ᠵᠢᠭᠠᠵᠤ ᠪᠠᠶᠢᠨ᠎ᠠ᠃    11.ᠬᠠᠤᠯᠢ ᠠᠴᠠ ᠵᠥᠷᠢᠴᠡᠨ ᠢᠯᠭᠠᠨ ᠭᠠᠷᠭᠠᠭᠰᠠᠨ ᠵᠦᠢᠯ᠃ ᠡᠨᠡ ᠨᠢ ᠭᠤᠣᠯᠳᠠᠭᠤ ᠴᠠᠬᠢᠯᠭᠠᠨᠵᠢᠭᠤᠯᠤᠭᠰᠠᠨ ᠲᠡᠮᠦᠷ ᠵᠡᠮ ᠤᠨ ᠤᠢᠢᠷ᠎ᠠ ᠬᠠᠪᠢ ᠳᠤ ᠨᠠᠷᠢᠨ ᠲᠣᠭᠤᠰᠣ᠂ ᠤᠳᠤᠭ᠎ᠠ ᠲᠣᠭᠤᠰᠣ ᠵᠢᠴᠢ ᠢᠳᠡᠮᠡᠬᠡᠶ ᠭᠡᠢ ᠪᠡᠶᠡᠲᠦ ᠶᠢ ᠢᠯᠭᠠᠨ ᠭᠠᠷᠭᠠᠬᠤ ᠦᠢᠯᠡᠳᠪᠦᠷᠢᠯᠡᠯ ᠤᠨ ᠠᠵᠢᠯᠯᠠᠭ᠎ᠠ ᠬᠢᠵᠦ᠂ ᠤᠯᠤᠰ ᠠᠴᠠ ᠲᠣᠭᠲᠠᠭᠠᠭᠰᠠᠨ ᠢᠯᠭᠠᠨ ᠭᠠᠷᠭᠠᠬᠤ ᠪᠠᠷᠢᠮᠵᠢᠶ᠎ᠠ ᠠᠴᠠ ᠬᠡᠲᠦᠷᠡᠭᠦᠯᠵᠦ᠂ ᠲᠡᠮᠦᠷ ᠵᠡᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠲᠡᠯᠳᠠ ᠭᠡᠮ ᠢ ᠰᠦᠷᠳᠡᠭᠦᠯᠬᠦ ᠶᠢ ᠵᠢᠭᠠᠵᠤ ᠪᠠᠶᠢᠨ᠎ᠠ᠃    12. ᠬᠠᠲᠠᠭᠤ ᠬᠥᠪᠦᠮᠡᠯ ᠪᠣᠳᠠᠰ ᠤᠨ ᠲᠥᠷᠥᠯ᠃ ᠡᠨᠡ ᠨᠢ ᠭᠤᠤᠯᠳᠠᠭᠤ ᠣᠶᠢᠷ᠎ᠠ ᠬᠠᠪᠢ ᠶᠢᠨ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠵᠣᠬᠢᠬᠤ ᠬᠡᠪᠴᠢᠶᠡᠨ ᠳᠠᠬᠢ ᠥᠩᠭᠡᠲᠦ ᠪᠣᠯᠣᠳ ᠸᠠᠭᠠᠷ ᠤᠨ ᠪᠠᠶᠢᠰᠢᠩ᠂ ᠵᠠᠷ ᠤᠨ ᠫᠠᠶᠢᠰᠠ ᠵᠡᠷᠭᠡ ᠶᠢᠨ ᠪᠠᠷᠢᠯᠭ᠎ᠠ ᠨᠢ ᠶᠡᠭᠡ ᠰᠠᠯᠬᠢᠨ ᠲᠠᠢ ᠴᠠᠭ ᠠᠭᠤᠷ ᠤᠨ ᠳᠣᠤᠷ᠎ᠠ ᠲᠡᠮᠦᠷ ᠵᠠᠮ ᠤᠨ ᠵᠠᠭᠠᠭ ᠬᠢᠵᠠᠭᠠᠷ ᠤᠨ ᠠᠮᠤᠷ ᠲᠦᠪᠰᠢᠨ ᠤ ᠳᠠᠯᠳᠠ ᠬᠡᠮ ᠳᠤ ᠬᠠᠯᠳᠠᠨ ᠣᠷᠣᠬᠤ ᠶᠢ ᠵᠢᠭᠠᠵᠤ ᠪᠣᠶ᠃    13. ᠬᠥᠩᠭᠡᠨ ᠬᠥᠪᠦᠮᠡᠯ ᠪᠣᠳᠠᠰ ᠤᠨ ᠲᠥᠷᠥᠯ᠃ ᠭᠤᠤᠯᠳᠠᠭᠤ ᠲᠡᠮᠦᠷ ᠵᠠᠮ ᠳᠠᠭᠠᠤ ᠴᠠᠭᠠᠰᠤᠨ ᠰᠢᠪᠠᠭᠤ᠂ ᠬᠡᠶᠢᠲᠦ ᠪᠥᠮᠪᠦᠭᠡ᠂ ᠵᠢᠯᠣᠭᠤᠴᠢ ᠥᠬᠡᠶ ᠨᠢᠰᠬᠡᠯ ᠵᠡᠷᠭᠡ ᠳᠣᠤᠷ᠎ᠠ ᠠᠭᠠᠷ ᠤᠨ ᠬᠥᠪᠦᠮᠡᠯ ᠪᠣᠳᠠᠰ ᠢ ᠨᠢᠰᠬᠡᠬᠦ ᠵᠢᠴᠢ ᠡᠯ᠎ᠡ ᠵᠦᠶ᠋ᠯ ᠤᠨ ᠲᠣᠤᠷ ᠤᠨ ᠲᠥᠷᠥᠯ᠂ ᠰᠦᠯᠢᠶᠣᠣ ᠶᠢᠨ ᠲᠥᠷᠥᠯ ᠵᠡᠷᠭᠡ ᠬᠥᠩᠭᠡᠨ ᠪᠡᠶᠡᠲᠦ ᠪᠣᠳᠠᠰ ᠤᠨ ᠶᠡᠭᠡ ᠰᠠᠯᠬᠢᠨ ᠲᠠᠢ ᠴᠠᠭ ᠠᠭᠤᠷ ᠤᠨ ᠳᠣᠤᠷ᠎ᠠ ᠲᠡᠮᠦᠷ ᠵᠠᠮ ᠤᠨ ᠵᠠᠭᠠᠭ ᠬᠢᠵᠠᠭᠠᠷ ᠤᠨ ᠠᠮᠤᠷ ᠲᠦᠪᠰᠢᠨ ᠤ ᠳᠠᠯᠳᠠ ᠬᠡᠮ ᠳᠤ ᠬᠠᠯᠳᠠᠨ ᠣᠷᠣᠬᠤ ᠶᠢ ᠵᠢᠭᠠᠵᠤ ᠪᠣᠶ᠃    14.ᠲᠡᠮᠦᠷ ᠵᠡᠮ ᠤᠨ ᠮᠡᠳᠡᠭᠡ ᠬᠤᠯᠪᠣᠭᠠᠨ ᠤ ᠲᠤᠬᠢᠶᠡᠠ ᠤ ᠲᠥᠬᠦᠭᠡᠷᠦᠮᠵᠢ ᠳᠤ ᠬᠤᠣᠷ ᠬᠥᠨᠥᠭᠡᠯ ᠤᠴᠠᠷᠠᠭᠤᠯᠬᠤ ᠲᠦᠷᠦᠯ᠃ ᠭᠤᠤᠯᠳᠠᠭᠤ ᠲᠡᠮᠦᠷ ᠵᠠᠮ ᠤᠨ ᠭᠠᠵᠠᠷ ᠳᠣᠤᠷᠠᠬᠢ᠂ ᠭᠤᠤᠯ ᠭᠠᠲᠤᠯᠬᠤ ᠬᠡᠷᠡᠯ ︵ᠴᠠᠬᠢᠯᠭᠠᠨ︶ ᠳᠡᠭᠡᠰᠦ ᠵᠡᠷᠭᠡ ᠪᠡᠯᠡᠳᠬᠡᠮᠵᠢ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠵᠢᠭᠠᠵᠤ ᠪᠣᠶ᠃    15. ᠴᠠᠬᠢᠯᠭᠠᠨᠵᠢᠭᠤᠯᠤᠭᠰᠠᠨ ᠲᠡᠮᠦᠷ ᠵᠠᠮ ᠤᠨ ᠪᠡᠯᠡᠳᠬᠡᠮᠵᠢ ᠳᠤ ᠬᠤᠤᠷ ᠬᠥᠨᠥᠭᠡᠯ ᠤᠴᠠᠷᠠᠭᠤᠯᠬᠤ ᠲᠥᠷᠥᠯ᠃ ᠭᠤᠣᠯᠳᠠᠭᠤ ᠲᠡᠮᠦᠷ ᠵᠡᠮ ᠤᠨ ᠴᠠᠬᠢᠯᠭᠠᠨ ᠬᠦᠴᠦᠨ ᠤ ᠱᠤᠭᠤᠮ ᠤᠨ ᠪᠠᠭᠠᠨ᠎ᠠ ᠶᠢᠨ ᠰᠤᠪᠤᠷᠭ᠎ᠠ ᠳᠤ ᠠᠪᠠᠷᠢᠬᠤ ᠪᠤᠶᠤ ᠪᠠᠭᠠᠨ᠎ᠠ ᠶᠢᠨ ᠰᠤᠪᠤᠷᠭ᠎ᠠ ᠳᠡᠭᠡᠷ᠎ᠡ ᠪᠤᠰᠤᠳ ᠲᠥᠬᠦᠭᠡᠷᠦᠮᠵᠢ ᠲᠣᠨᠣᠭᠯᠠᠬᠤ᠂ ᠲᠡᠮᠦᠷ ᠵᠡᠮ ᠤᠨ ᠴᠠᠬᠢᠯᠭᠠᠨ ᠬᠦᠴᠦᠨ ᠤ ᠱᠤᠭᠤᠮ ᠤᠨ ᠪᠠᠭᠠᠨ᠎ᠠ ᠶᠢᠨ ᠰᠤᠪᠤᠷᠭ᠎ᠠ᠂ ᠲᠠᠲᠠᠯᠭ᠎ᠠ ᠶᠢᠨ ᠱᠤᠭᠤᠮ ᠤᠨ ᠡᠷᠬᠢᠠ ᠲᠣᠭᠤᠷᠢᠨ ᠤ 20 ᠮᠧᠲᠷ ᠤᠨ ᠬᠡᠪᠴᠢᠶᠡᠨ ᠳᠣᠲᠣᠷ᠎ᠠ ᠰᠢᠷᠣᠶ ᠠᠪᠬᠤ᠂ ᠪᠠᠭᠠᠨ᠎ᠠ ᠰᠢᠭᠠᠬᠤ᠂ ᠬᠢᠮᠢ ᠶᠢᠨ ᠬᠤᠣᠷ ᠲᠠᠢ ᠡᠳ᠋ ᠪᠣᠳᠠᠰ ᠢ ᠥᠷᠥᠮᠳᠡᠨ ᠬᠠᠶᠢᠬᠤ ᠪᠤᠶᠤ ᠴᠢᠳᠬᠤᠬᠤ᠂ ᠴᠠᠬᠢᠯᠭᠠᠨᠵᠢᠭᠤᠯᠤᠭᠰᠠᠨ ᠲᠡᠮᠦᠷ ᠵᠡᠮ ᠤᠨ ᠬᠦᠷᠦᠯᠴᠡᠬᠦ ᠲᠣᠣᠷ ᠲᠤ ᠡᠳ᠋ ᠪᠣᠳᠠᠰ ᠬᠠᠶᠠᠬᠤ ᠪᠠ ᠴᠠᠬᠢᠯᠭᠠᠨᠵᠢᠭᠤᠯᠤᠭᠰᠠᠨ ᠲᠡᠮᠦᠷ ᠵᠡᠮ ᠤᠨ ᠬᠦᠷᠦᠯᠴᠡᠬᠦ ᠲᠣᠣᠷ ᠲᠤ ᠬᠦᠷᠦᠯᠴᠡᠬᠦ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠢᠭᠠᠵᠤ ᠪᠠᠶᠢᠨ᠎ᠠ᠃    16. ᠬᠠᠤᠯᠢ ᠪᠤᠰᠤ ᠪᠠᠷ ᠨᠡᠪᠲᠡᠷᠡᠬᠦ ᠲᠦᠷᠦᠯ᠃ ᠭᠤᠣᠯᠳᠠᠭᠤ ᠬᠠᠤᠯᠢ ᠪᠤᠰᠤ ᠵᠠᠮ ᠤᠨ ᠪᠡᠯᠴᠢᠷ ᠪᠠ ᠬᠠᠤᠯᠢ ᠶᠢᠨ ᠬᠥᠮᠦᠨ ᠪᠤᠰᠤ ᠵᠠᠮ ᠢ ᠳᠤᠷ᠎ᠠ ᠪᠠᠷ ᠢᠶᠠᠨ ᠭᠠᠷᠭᠠᠬᠤ᠂ ᠬᠠᠤᠯᠢ ᠪᠤᠰᠤ ᠪᠠᠷ ᠲᠡᠮᠦᠷ ᠵᠠᠮ ᠤᠨ ᠱᠤᠭᠤᠮ ᠳᠤ ᠣᠷᠣᠬᠤ ᠵᠢᠴᠢ ᠦᠷᠳᠡᠭᠡ ᠲᠠᠯᠠᠪᠤᠷ ᠢ ᠪᠢᠲᠡᠭᠦᠮᠵᠢᠯᠡᠬᠦ ᠵᠡᠷᠭᠡ ᠠᠰᠠᠭᠤᠳᠠᠯ ᠢ ᠵᠢᠭᠠᠵᠤ ᠪᠠᠶᠢᠨ᠎ᠠ᠃    17.ᠬᠠᠤᠯᠢ ᠪᠤᠰᠤ ᠪᠠᠷ ᠠᠲᠠᠷᠰᠢᠭᠤᠯᠤᠭᠰᠠᠨ ᠵᠦᠢᠯ᠃ ᠭᠤᠤᠯᠳᠠᠭᠤ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠰᠢᠲᠠᠭᠠᠬᠤ ᠠᠰᠠᠭᠤᠳᠠᠯ ᠢ ᠵᠢᠭᠠᠵᠤ ᠪᠣᠶ᠃    18. ᠮᠠᠯ ᠤᠨ ᠲᠥᠷᠥᠯ ᠢ ᠬᠠᠷᠢᠭᠤᠯᠤᠨ ᠲᠡᠵᠢᠭᠡᠨ᠎ᠡ᠃ ᠭᠤᠤᠯᠳᠠᠭᠤ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠮᠠᠯ ᠬᠠᠷᠢᠭᠤᠯᠤᠨ ᠲᠡᠵᠢᠭᠡᠬᠦ ᠠᠰᠠᠭᠤᠳᠠᠯ ᠢ ᠵᠢᠭᠠᠵᠤ ᠪᠣᠶ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠡᠮᠦᠷ ᠵᠠᠮ ᠤᠨ ᠬᠠᠷᠢᠶ᠎ᠠ ᠠᠵᠤ ᠠᠬᠤᠶᠢᠯᠠᠯ ᠤᠳ ︽ᠳᠥᠷᠪᠡᠨ ᠤᠬᠠᠮᠰᠠᠷ︾ ᠢ ᠪᠠᠲᠤ ᠪᠤᠶ ᠪᠣᠯᠭᠠᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠶ᠋ᠴᠡᠳ ᠲᠠᠨᠢᠵᠤ᠂ ᠲᠣᠰ ᠲᠥᠰᠦᠯ ᠤᠨ ᠠᠵᠢᠯ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 500 ᠮᠧᠲᠷ ᠤᠨ ᠬᠡᠪᠴᠢᠶᠡᠨ ᠳᠣᠲᠣᠷᠠᠬᠢ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠨ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ︽ᠬᠤᠶᠠᠷ ᠬᠡᠰᠡᠭ ᠤᠨ ᠳᠠᠷᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠠᠵᠢᠯ  ᠤᠨ ᠲᠣᠭᠲᠠᠴᠠ ᠶᠢ ᠪᠥᠷᠢᠨᠰᠢᠬᠦᠯᠥᠨ᠎ᠡ    ᠡᠯ᠎ᠡ ᠱᠠᠲᠤᠨ ᠤ ︽ᠬᠤᠤᠰ ᠲᠠᠰ ᠤᠨ ᠳᠠᠷᠤᠭ᠎ᠠ︾ ᠨᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠠᠮᠢᠶᠠᠷᠤᠨ ᠡᠵᠡᠮᠳᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠡᠮᠦᠷ ᠵᠠᠮ ᠤᠨ ᠭᠠᠳᠠᠭᠠᠳᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠸᠢᠴᠠᠲ ᠤᠨ ᠪᠦᠯᠦᠭᠵᠢᠯ ᠢ ᠪᠠᠶᠢᠭᠤᠯᠤᠨ᠂ ᠡᠳᠦᠷ ᠲᠤᠲᠤᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠨ ᠬᠠᠤᠯᠢ ᠬᠡᠷᠡᠭᠵᠢᠭᠦᠯᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠬᠠᠮᠲᠤᠪᠠᠷ ᠬᠠᠮᠢᠶᠠᠷᠤᠨ ᠡᠵᠡᠮᠳᠡᠵᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠵᠠᠮ ᠪᠠ ᠭᠠᠵᠠᠷ ᠣᠷᠣᠨ ᠬᠤᠶᠠᠷ ᠲᠠᠯ᠎ᠠ ᠪᠠᠷ ᠢᠶᠠᠨ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠶ᠃    ︵ᠭᠤᠷᠪᠠ︶ ᠢᠳᠡᠪᠬᠢᠲᠡᠶ ᠪᠠᠷ ᠤᠬᠠᠭᠤᠯᠵᠤ ᠬᠥᠲᠥᠯᠥᠨ ᠵᠢᠯᠣᠭᠤᠳᠬᠤ    ︽ᠲᠠᠪᠤ ᠶᠢ ᠳᠡᠪᠰᠢᠭᠦᠯᠬᠦ︾ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠲᠡᠮᠦᠷ ᠵᠠᠮ ᠳᠠᠭᠠᠤ ᠶᠢᠨ ᠰᠠᠭᠤᠭᠠᠯᠢ ᠠᠷᠠᠳ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ ᠬᠡᠦᠬᠡᠳ᠂ ᠪᠤᠳᠠ ᠮᠠᠯ ᠲᠡᠵᠢᠭᠡᠨ ᠦᠷᠡᠵᠢᠭᠦᠯᠬᠦ ᠡᠷᠦᠬᠡ ᠵᠢᠴᠢ ︽ᠲᠠᠪᠤᠨ ᠵᠡᠮᠳᠡᠭ︾ ᠬᠥᠮᠦᠰ ᠤᠨ ᠬᠢᠨᠠᠨ ᠬᠠᠮᠠᠭᠠᠯᠠᠭᠴᠢ ᠵᠡᠷᠭᠡ ᠭᠤᠣᠯᠳᠠᠯᠭ᠎ᠠ ᠲᠠᠢ ᠬᠥᠮᠦᠰ ᠲᠤ ᠬᠠᠨᠳᠤᠭᠤᠯᠤᠨ᠂ ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠡᠷᠭᠢᠯᠡᠬᠦ ᠪᠠ ᠲᠧᠯᠸᠢᠰ ᠬᠤᠷᠢᠶ᠎ᠠ᠂ ᠰᠣᠨᠢᠨ᠂ ᠸᠢᠴᠠᠲ᠂ ᠬᠠᠷᠠᠭᠠᠨ ᠳᠠᠪᠲᠠᠮᠵᠢ ᠶᠢᠨ ᠬᠡᠷᠡᠭᠯᠡᠭᠴᠢ ᠶᠢᠨ ᠦᠵᠦᠭᠦᠷ ᠵᠡᠷᠭᠡ ᠵᠠᠭᠤᠴᠢᠯᠠᠭᠤᠷ ᠤᠨ ᠲᠠᠪᠴᠠᠩ ᠳᠤ ᠲᠠᠭᠤ ᠬᠠᠷᠠᠭᠠᠨ ᠳᠠᠪᠲᠠᠮᠵᠢ ᠶᠢᠨ ᠫᠷᠤᠭ᠍ᠷᠠᠮ ᠨᠡᠪᠲᠡᠷᠡᠭᠦᠯᠬᠦ ᠠᠷᠭ᠎ᠠ ᠮᠠᠶ᠋ᠢᠭ ᠢ ᠬᠡᠷᠡᠭᠯᠡᠨ ᠡᠯ᠎ᠡ ᠵᠦᠶ᠋ᠯ ᠤᠨ ᠤᠬᠠᠭᠤᠯᠬᠤ ᠠᠷᠭ᠎ᠠ ᠪᠠᠷᠢᠯ ᠢ ᠭᠦᠶ᠋ᠴᠡᠳ ᠠᠰᠢᠭᠯᠠᠨ᠂ ᠲᠡᠮᠦᠷ ᠵᠠᠮ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ᠬᠤᠤᠰ ᠲᠠᠰ ᠤᠨ ᠳᠠᠷᠤᠭ᠎ᠠ︾ ᠶᠢᠨ ᠲᠦᠷᠢᠮ ᠢ ᠪᠥᠬᠦ ᠲᠠᠯ᠎ᠠ ᠪᠠᠷ ᠤᠬᠠᠭᠤᠯᠤᠨ ᠬᠥᠲᠥᠯᠦᠨ ᠵᠢᠯᠣᠭᠤᠳᠴᠤ ᠪᠠᠶᠢᠭᠠᠳ ᠨᠠᠶᠢᠳᠠᠪᠤᠷᠢᠵᠢᠭᠤᠯᠵᠤ᠂ ᠪᠥᠬᠦ ᠨᠡᠶᠢᠭᠡᠮ ᠢᠶᠠᠷ ᠢᠶᠠᠨ ᠲᠡᠮᠦᠷ ᠵᠠᠮ ᠤᠨ ᠠᠮᠤᠷ ᠲᠦᠪᠰᠢᠨ ᠢ ᠬᠠᠯᠠᠮᠵᠢᠯᠠᠨ ᠬᠠᠶᠢᠷᠠᠯᠠᠬᠤ᠂ ᠨᠠᠨᠳᠢᠩᠨᠠᠨ ᠬᠠᠶᠢᠷᠠᠯᠠᠬᠤ᠂ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠣᠶ ᠪᠣᠯᠭᠠᠨ᠎ᠠ᠃ ᠡᠯ᠎ᠡ ᠬᠤᠯᠪᠣᠭᠳᠠᠯ ᠪᠥᠬᠦᠶ ᠨᠢᠭᠡᠴᠡ ᠬᠢᠭᠡᠳ ᠲᠡᠮᠦᠷ ᠵᠠᠮ ᠤᠨ ᠬᠠᠷᠢᠶ᠎ᠠ ᠪᠥᠬᠦᠶ ᠠᠵᠤ ᠠᠬᠤᠶᠢᠯᠠᠯ ᠬᠠᠮᠲᠤᠪᠠᠷ ᠨᠡᠶᠢᠭᠡᠮ ᠨᠡᠶᠢᠲᠡ ᠳᠤ ︽ᠬᠤᠤᠰ ᠬᠡᠰᠡᠭ ᠤᠨ ᠳᠠᠷᠤᠭ᠎ᠠ︾ ᠶᠢᠨ ᠨᠡᠷᠡᠰ᠂ ᠬᠠᠷᠢᠯᠴᠠᠬᠤ ᠤᠲᠠᠰᠤ ᠶᠢ ᠵᠠᠷᠯᠠᠨ ᠮᠡᠳᠡᠭᠳᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃    ᠲᠠᠪᠤ᠂ ᠬᠢᠨᠠᠨ ᠰᠢᠯᠭᠠᠵᠤ ᠱᠠᠩᠨᠠᠬᠤ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠡᠮᠦᠷ ᠵᠠᠮ ᠤᠨ ᠬᠠᠷᠢᠶ᠎ᠠ ᠠᠵᠤ ᠠᠬᠤᠶᠢᠯᠠᠯ ᠤᠳ ᠲᠣᠭᠲᠠᠮᠠᠯ ᠬᠤᠭᠤᠴᠠᠭ᠎ᠠ ᠲᠠᠢ ᠪᠠᠷ ᠲᠡᠮᠦᠷ ᠵᠠᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠠᠵᠢᠯ ᠢ ᠬᠦᠴᠦᠲᠡᠶ ᠠᠬᠢᠭᠤᠯᠤᠭᠰᠠᠨ ᠥᠬᠡᠶ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠨᠢᠭᠡᠴᠡ ᠪᠠ ᠬᠤᠪᠢ ᠬᠥᠮᠦᠨ ᠳᠤ ︽ᠠᠶᠤᠯᠭᠦᠶ ᠦᠶ᠋ᠯᠡᠳᠪᠦᠷᠢᠯᠡᠯ ᠤᠨ ᠪᠣᠯᠵᠣᠨ ᠶᠠᠷᠢᠯᠴᠠᠬᠤ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠬᠡᠷᠡᠭᠵᠢᠭᠦᠯᠬᠦ ᠠᠷᠭ᠎ᠠ︾ ᠵᠡᠷᠭᠡ ᠲᠣᠭᠲᠠᠭᠠᠯ ᠶᠣᠰᠣᠭᠠᠷ᠂ ᠮᠡᠳᠡᠭᠡᠯᠡᠬᠦ᠂ ᠪᠣᠯᠵᠣᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠣ ᠬᠦᠨᠳᠦ ᠶᠡᠭᠡ ᠣᠨᠴᠠ ᠶᠡᠭᠡ ᠲᠡᠮᠦᠷ ᠵᠠᠮ ᠤᠨ ᠵᠠᠮ ᠬᠠᠷᠢᠯᠴᠠᠭᠠᠨ ᠤ ᠠᠳᠡᠯ ᠭᠠᠷᠤᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠲᠠᠢ ᠨᠢᠭᠡᠴᠡ ᠪᠣᠯᠤᠨ ᠬᠠᠷᠢᠭᠤᠴᠠᠯᠭ᠎ᠠ ᠲᠠᠢ ᠬᠥᠮᠦᠨ ᠠᠴᠠ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠠᠮᠤᠷ ᠲᠦᠪᠰᠢᠨ ᠤ ᠣᠷᠴᠢᠨ ᠲᠣᠭᠤᠷᠢᠨ ᠤ ᠬᠦᠨᠳᠦ ᠶᠡᠭᠡ ᠬᠡᠮ ᠰᠣᠭᠤᠭ ᠢ ᠢᠯᠡᠷᠡᠭᠦᠯᠬᠦ ᠪᠠ ᠰᠡᠷᠭᠡᠶᠢᠯᠡᠬᠦ ᠵᠢᠴᠢ ︽ᠬᠤᠶᠠᠷ ᠬᠡᠰᠡᠭ ᠤᠨ ᠳᠠᠷᠤᠭ᠎ᠠ︾ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠨᠢ ᠲᠣᠪᠤᠶᠢᠮ᠎ᠠ ᠦᠷ᠎ᠡ ᠪᠦᠲᠦᠮᠵᠢ ᠲᠠᠢ ᠪᠠᠶᠢᠪᠠᠯ᠂ ᠬᠠᠮᠢᠶ᠎ᠠ ᠪᠥᠬᠦᠶ ᠠᠷᠭ᠎ᠠ ᠶᠢᠨ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠶ ᠬᠥᠮᠦᠰ᠂ ᠨᠢᠭᠡᠴᠡ ᠶᠢ ᠰᠠᠶᠢᠰᠢᠶᠠᠨ ᠬᠥᠬᠢᠭᠦᠯᠦᠨ᠎ᠡ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号