︽ᠦᠨᠡᠨᠴᠢ ᠢᠲᠡᠭᠡᠮᠵᠢᠲᠡᠶ ᠠᠷᠪᠢᠯᠠᠨ ᠭᠠᠮᠨᠠᠬᠤ ᠶᠢ ᠡᠷᠬᠢᠮᠯᠡᠵᠦ ᠢᠳᠡᠭᠡᠨ ᠤ ᠠᠮᠤᠷ ᠲᠦᠪᠰᠢᠨ ᠢ ᠬᠠᠮᠲᠤᠪᠠᠷ ᠡᠳ᠋ᠯᠡᠬᠦ︾ 2024 ᠣᠨ ᠤ ᠪᠠᠭᠠᠷᠢᠨ ᠵᠡᠭᠦᠨ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/10/17
      ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠠ ᠠᠮᠤ ᠪᠤᠳᠠᠭ᠎ᠠ ᠠᠷᠪᠢᠯᠠᠬᠤ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 14᠎ ᠤ ᠡᠳᠦᠷ᠂ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ 2024 ᠣᠨ ᠤ ᠪᠥᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
    ᠶᠣᠰᠣᠯᠠᠯ ᠳᠡᠭᠡᠷ᠎ᠡ᠂ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠵᠤ᠂ ᠣᠳᠣᠬᠠᠨ ᠳᠤ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠦ᠂ ᠲᠤᠰᠬᠠᠶ ᠠᠵᠢᠯᠯᠠᠭ᠎ᠠ ᠪᠠ ᠪᠠᠶᠢᠴᠠᠭᠠᠬᠤ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠥᠭᠡᠳ ᠬᠤᠶᠠᠷ ᠲᠠᠯ᠎ᠠ ᠶᠢᠨ ᠰᠠᠨᠠᠭᠠᠴᠢᠯᠠᠭ᠎ᠠ ᠳᠤᠷᠠᠳᠴᠤ᠂ ᠦᠨᠡᠨᠴᠢ ᠢᠲᠡᠭᠡᠮᠵᠢ ᠶᠢᠨ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠬᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠢᠳᠡᠭᠡᠨ ᠦᠢᠯᠡᠳᠪᠦᠷᠢᠯᠡᠵᠦ ᠡᠵᠡᠩᠨᠡᠭᠴᠢᠳ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠢᠳᠡᠭᠡᠨ ᠤ ᠪᠠᠷᠠᠭ᠎ᠠ ᠣᠷᠣᠭᠤᠯᠬᠤ ᠳᠤ ᠰᠢᠯᠭᠠᠨ ᠪᠠᠶᠢᠴᠠᠭᠠᠬᠤ᠂ ᠭᠡᠷᠡᠴᠢ ᠪᠠᠷᠢᠮᠲᠠ ᠠᠪᠬᠤ᠂ ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠳᠠᠩᠰᠠ ᠪᠣᠯᠤᠨ ᠵᠠᠬ᠎ᠠ ᠳᠡᠯᠭᠡᠭᠦᠷ ᠠᠴᠠ ᠪᠤᠴᠠᠭᠠᠨ ᠭᠠᠷᠭᠠᠬᠤ ᠵᠡᠷᠭᠡ ᠳᠦᠷᠢᠮ ᠢ ᠬᠡᠷᠡᠭᠵᠢᠭᠦᠯᠵᠦ᠂ ᠲᠠᠸᠠᠷ ᠤᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ ᠠᠷᠪᠢᠯᠠᠨ ᠭᠠᠮᠨᠠᠬᠤ ᠰᠤᠷᠲᠠᠯ ᠢ ᠰᠠᠨᠠᠭᠠᠴᠢᠯᠠᠨ᠂ ᠢᠳᠡᠭᠡᠨ ᠤ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠬᠡᠷᠡᠭᠲᠡᠶ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ᠨᠢ ᠠᠷᠪᠢᠯᠠᠨ ᠭᠠᠮᠨᠠᠬᠤ ᠣᠨᠣᠯᠵᠢᠬᠤᠨ ᠢ ᠬᠤᠳᠠᠯᠳᠤᠨ ᠠᠪᠬᠤ᠂ ᠬᠠᠳᠠᠭᠠᠯᠠᠬᠤ᠂ ᠡᠳᠰᠢᠭᠦᠯᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠬᠡᠷᠡᠭᠯᠡᠭᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ᠂ ᠣᠶᠤᠨᠴᠢ ᠬᠡᠷᠡᠭᠯᠡᠭᠡ ᠬᠢᠯᠭᠡᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ︽ᠠᠷᠪᠢᠯᠠᠬᠤ ᠨᠢ ᠢᠷᠠᠭᠤ ᠠᠯᠳᠠᠷᠲᠠᠶ᠂ ᠪᠦᠷᠢᠯᠭᠡᠬᠦ ᠨᠢ ᠢᠴᠢᠭᠦᠷᠢ ᠭᠤᠲᠤᠮᠰᠢᠭ︾ ᠪᠠᠶᠢᠬᠤ ᠬᠡᠪ ᠰᠤᠷᠲᠠᠯ ᠢ ᠪᠣᠶ ᠪᠣᠯᠭᠠᠵᠤ᠂ ᠠᠷᠪᠢᠯᠠᠨ ᠭᠠᠮᠨᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃
   ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠳᠡᠭᠡᠨ ᠤ
ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠢᠯᠡ ᠠᠮᠠᠯᠠᠯᠲᠠ ᠨᠡᠶᠢᠲᠡᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠢᠯᠠᠨ ᠭᠠᠮᠨᠠᠬᠤ ᠶᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ ᠠᠮᠤ ᠪᠤᠳᠠᠭ᠎ᠠ ᠶᠢ ᠬᠠᠶᠢᠷᠠᠯᠠᠬᠤ᠂ ᠠᠮᠤ ᠪᠤᠳᠠᠭ᠎ᠠ ᠶᠢ ᠠᠷᠪᠢᠯᠠᠬᠤ ᠰᠠᠶᠢᠨ ᠰᠠᠶᠢᠬᠠᠨ ᠰᠤᠷᠲᠠᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠠᠭᠤᠰᠬᠠᠵᠤ᠂ ︽ᠠᠶᠠᠭ᠎ᠠ ᠫᠢᠯᠠ︾᠎ ᠶᠢᠨ ᠠᠵᠢᠯᠯᠠᠭ᠎ᠠ ᠶᠢ ᠨᠢᠭᠡ ᠵᠦᠢᠯ ᠤᠨ ᠬᠡᠪ ᠤᠨ ᠪᠠᠶᠢᠳᠠᠯ ᠪᠣᠯᠭᠠᠨ᠎ᠠ ᠭᠡᠵᠦ ᠢᠯᠡᠳᠬᠡᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ ᠪᠣᠯᠤᠨ ᠬᠤᠷᠠᠯ ᠳᠤ ᠣᠷᠣᠯᠴᠠᠭᠰᠠᠳ ︽ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ︾ ᠤᠬᠠᠭᠤᠯᠭ᠎ᠠ ᠶᠢᠨ ᠰᠠᠮᠪᠠᠷ᠎ᠠ ᠶᠢᠨ ᠡᠮᠦᠨ᠎ᠡ ᠭᠠᠷ ᠤᠨ ᠦᠰᠦᠭ ᠵᠢᠷᠤᠬᠤ ᠶᠢᠨ ᠬᠠᠮᠲᠤ ᠬᠠᠮᠲᠤ ᠶᠢᠨ ᠲᠠᠨᠢᠯᠲᠠ ᠲᠠᠢ ᠪᠣᠯᠵᠣ᠂ ︽ᠠᠷᠪᠢᠯᠠᠨ ᠭᠠᠮᠨᠠᠬᠤ︾ ᠰᠠᠶᠢᠨ ᠰᠠᠶᠢᠬᠠᠨ ᠬᠡᠪ ᠰᠤᠷᠲᠠᠯ ᠢ ᠦᠷᠭᠦᠯᠵᠢᠯᠡᠨ ᠰᠠᠨᠠᠭᠠᠴᠢᠯᠠᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ︾᠎ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠨ᠂ ᠠᠷᠪᠢᠯᠠᠨ ᠭᠠᠮᠨᠠᠬᠤ ᠶᠢ ᠡᠷᠬᠢᠮᠯᠡᠵᠦ ᠱᠠᠯᠢᠨ ᠪᠦᠷᠢᠯᠭᠡᠬᠦ ᠶᠢ ᠪᠥᠬᠦ ᠨᠡᠶᠢᠭᠡᠮ ᠤᠨ ᠪᠣᠯᠪᠠᠰᠤᠨ ᠬᠡᠪ ᠰᠤᠷᠲᠠᠯ ᠪᠣᠯᠭᠠᠬᠤ ᠶᠢ ᠳᠥᠯᠭᠢᠨ ᠠᠬᠢᠭᠤᠯᠬᠤ ᠬᠡᠷᠡᠭᠲᠡᠶ︔ ︽ᠬᠠᠮᠲᠤ ᠪᠠᠷ ᠡᠳ᠋ᠯᠡᠬᠦ︾ ᠢᠳᠡᠭᠡᠨ ᠤ ᠠᠮᠤᠷ ᠲᠦᠪᠰᠢᠨ ᠤ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠶ᠃
   ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠠᠭᠠᠷᠢᠨ ᠵᠡᠭᠦᠨ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠨᠠᠰᠢ ᠴᠠᠰᠢ ᠥᠩᠭᠡᠷᠡᠬᠦ ᠣᠯᠠᠨ ᠲᠦᠮᠡᠨ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠨ ᠳᠤ ᠲᠠᠶᠢᠯᠪᠤᠷᠢᠯᠠᠨ ᠥᠭᠴᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠵᠦ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠠᠷᠪᠢᠯᠠᠨ ᠭᠠᠮᠨᠠᠬᠤ ᠣᠨᠣᠯᠵᠢᠬᠤᠨ ᠢ ᠥᠷᠭᠡᠨ ᠢᠶᠠᠷ ᠤᠯᠠᠮᠵᠢᠯᠠᠵᠤ᠂ ᠥᠷᠭᠡᠨ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠲᠤᠬᠠᠶ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠣᠶᠤᠨᠴᠢ ᠬᠡᠷᠡᠭᠯᠡᠭᠡ᠂ ᠡᠷᠡᠭᠦᠯ ᠴᠢᠭᠢᠷᠠᠭ ᠢᠳᠡᠭᠡᠨ ᠤᠮᠳᠠᠭᠠᠨ ᠤ ᠠᠮᠤᠷ ᠲᠦᠪᠰᠢᠨ ᠤ ᠣᠨᠣᠯᠵᠢᠬᠤᠨ ᠢ ᠪᠣᠶ ᠪᠣᠯᠭᠠᠪᠠ᠃
   ᠲᠠᠷᠠᠭᠠᠴᠢ ᠶᠢᠨ ᠠᠯᠬᠤᠮ ᠳᠤ᠂ ᠪᠠᠭᠠᠷᠢᠨ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ
ᠬᠠᠮᠢᠶᠠᠷᠤᠯᠲᠠ ᠶᠢᠨ ᠲᠣᠪᠴᠢᠶ᠎ᠠ ᠭᠦᠨᠵᠡᠭᠡᠶ ᠬᠦᠴᠦᠯᠡᠵᠦ᠂ ᠰᠠᠯᠠᠭ᠎ᠠ ᠮᠥᠴᠢᠷ ᠤᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠢ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠠᠩᠬᠠᠷᠴᠤ᠂ ᠳᠡᠮᠵᠢᠬᠦ ᠪᠠ ᠣᠷᠣᠯᠴᠠᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠢᠳᠡᠭᠡᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠰᠢᠮᠳᠠᠭᠤᠯᠵᠤ᠂ ᠢᠳᠡᠭᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号