9 ᠰᠠᠷ᠎ᠠ ᠶᠢᠨ 24 ᠤ ᠡᠳᠦᠷ᠂ ᠪᠡᠭᠡᠵᠢᠩ ᠲᠢᠶᠠᠨᠵᠢᠨ ᠤ ᠠᠵᠤ ᠦᠢᠯᠡᠰ ᠤᠨ ᠭᠠᠷ ᠠᠳᠬᠤᠨ ᠵᠣᠯᠭᠠᠭᠤᠯᠬᠤ | ᠵᠥᠪᠳᠡᠯᠴᠡᠭᠡᠨ ᠤ ᠬᠤᠷᠠᠯ ᠵᠢᠴᠢ ᠬᠠᠮᠲᠤᠷᠠᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠲᠢᠶᠠᠨᠵᠢᠨ | ᠬᠤᠲᠠ ᠶᠢᠨ ᠦ᠋ ᠴᠢᠩ ᠲᠣᠭᠤᠷᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ︽ᠪᠡᠭᠡᠵᠢᠩ ᠲᠢᠶᠠᠨᠵᠢᠨ | ᠬᠤᠶᠠᠷ ᠬᠤᠲᠠ ᠶᠢᠨ ᠠᠵᠤ ᠠᠬᠤᠶᠢᠯᠠᠯ ᠪᠠ ᠵᠠᠬ᠎ᠠ ᠳᠡᠯᠭᠡᠭᠦᠷ ᠲᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ | ᠪᠠᠶᠢᠭᠤᠯᠵᠤ᠂ ᠪᠡᠭᠡᠵᠢᠩ ᠲᠢᠶᠠᠨᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠪᠠ | ᠠᠵᠤ ᠦᠢᠯᠡᠰ ᠤᠨ ᠰᠢᠰᠲ᠋ᠧᠮ ᠤᠨ ᠠᠭᠤᠰᠤᠯᠴᠠᠯ ᠢ ᠬᠦᠴᠦᠯᠡᠨ ᠠᠬᠢᠭᠤᠯᠪᠠ᠃ ᠮᠠᠨ ᠤ ᠬᠤᠲᠠ ᠪᠡᠭᠡᠵᠢᠩ | ᠲᠢᠶᠠᠨᠵᠢᠨ ᠾᠧᠪᠸᠢ ᠶᠢ ᠲᠣᠭᠤᠷᠢᠭᠰᠠᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠭᠰᠠᠨ ᠤ ᠬᠤᠪᠢ ᠳᠤ | ᠤᠷᠢᠯᠭ᠎ᠠ ᠪᠠᠷ ᠬᠤᠷᠠᠯ ᠳᠡᠭᠡᠷ᠎ᠡ ᠲᠠᠨᠢᠯᠴᠠᠭᠤᠯᠭ᠎ᠠ ᠬᠢᠪᠡ᠃ ᠲᠣᠰ ᠤᠳᠠᠭᠠᠨ ᠤ ᠵᠥᠪᠳᠡᠯᠴᠡᠭᠡᠨ ᠤ ᠬᠤᠷᠠᠯ ᠨᠢ | ᠪᠡᠭᠡᠵᠢᠩ ᠲᠢᠶᠠᠨᠵᠢᠨ ᠤ ᠬᠠᠮᠲᠤᠷᠠᠯᠴᠠᠭᠠᠨ ᠤ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠬᠠᠮᠵᠢᠯᠴᠠᠬᠤ ᠨᠠᠷᠢᠨ | ᠬᠠᠭᠤᠳᠠᠰᠤ ᠶᠢ ᠨᠡᠶᠢᠲᠡᠯᠡᠬᠦ᠂ ᠬᠠᠮᠲᠤᠷᠠᠯᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ᠂ ᠭᠤᠤᠯᠳᠠᠯᠭ᠎ᠠ ᠲᠠᠢ | ᠬᠦᠷᠢᠶᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠤᠬᠠᠭᠤᠯᠤᠨ ᠲᠠᠨᠢᠯᠴᠠᠭᠤᠯᠬᠤ ᠵᠡᠷᠭᠡ ᠭᠤᠭᠴᠤᠭ᠎ᠠ ᠪᠠ ᠠᠭᠤᠯᠭ᠎ᠠ ᠶᠢ ᠪᠠᠶᠢᠷᠢᠯᠠᠭᠤᠯᠪᠠ᠃ ᠲᠤᠬᠠᠶ ᠶᠢᠨ ᠲᠠᠯᠠᠪᠠᠶ ᠳᠤ | ︽ᠪᠡᠭᠡᠵᠢᠩ ᠲᠢᠶᠠᠨᠵᠢᠨ ᠤ ᠤᠯᠤᠰ ᠤᠨ ᠲᠠᠰ ᠤᠨ ᠰᠢᠯᠢᠳᠡᠭ ᠨᠡᠪᠴᠢᠭᠦᠯᠦᠭᠦᠷ ᠵᠢᠴᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠬᠤ ᠨᠠᠷᠢᠨ ᠬᠠᠭᠤᠳᠠᠰᠤ︾᠂ ︽︿ᠪᠡᠭᠡᠵᠢᠩ ᠤᠨ ᠲᠤᠭ᠎ᠠ ᠶᠢ | ᠲᠢᠶᠠᠨᠵᠢᠨ ᠪᠤᠳᠤᠬᠤ﹀ ᠶᠢᠨ ᠠᠷᠠᠯᠵᠢᠶᠠᠨ ᠤ ᠦᠢᠯᠡᠳᠬᠦᠨ ᠤ ᠨᠠᠷᠢᠨ ᠬᠠᠭᠤᠳᠠᠰᠤ︾ ᠵᠢᠴᠢ ᠪᠡᠭᠡᠵᠢᠩ ᠲᠢᠶᠠᠨᠵᠢᠨ ᠤ | ᠠᠵᠤ ᠦᠢᠯᠡᠰ ᠤᠨ ᠬᠠᠮᠲᠤᠷᠠᠯᠴᠠᠭ᠎ᠠ᠂ ᠬᠠᠮᠵᠢᠯᠴᠠᠨ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠴᠢᠳᠠᠪᠤᠷᠢ | ᠣᠯᠭᠤᠬᠤ ᠵᠡᠷᠭᠡ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠪᠡᠭᠡᠵᠢᠩ ᠲᠢᠶᠠᠨᠵᠢᠨ ᠬᠤᠶᠠᠷ | ᠬᠤᠲᠠ ᠶᠢᠨ ᠬᠠᠮᠵᠢᠯᠴᠠᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠠᠮᠵᠢᠯᠴᠠᠭ᠎ᠠ ᠪᠠᠨ ᠴᠢᠩᠭᠠᠳᠬᠠᠬᠤ᠂ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ - ᠠᠵᠤ ᠦᠢᠯᠡᠰ - ᠮᠥᠩᠭᠦᠨ ᠭᠦᠢᠯᠭᠡᠭᠡᠨ︾ ᠤ ᠰᠠᠶᠢᠨ ᠣᠷᠴᠢᠯ ᠢ | ᠠᠬᠢᠭᠤᠯᠬᠤ ᠵᠡᠷᠭᠡ ᠲᠠᠯ᠎ᠠ ᠶᠢᠨ ᠦᠷ᠎ᠡ ᠪᠦᠲᠦᠮᠵᠢ ᠪᠠ ᠢᠷᠡᠭᠡᠳᠦᠶ ᠶᠢ ᠭᠦᠢᠴᠡᠳ ᠢᠯᠡᠷᠡᠭᠦᠯᠪᠡ᠃ ᠪᠡᠭᠡᠵᠢᠩ | ᠲᠢᠶᠠᠨᠵᠢᠨ ᠾᠧᠪᠸᠢ ᠶᠢᠨ ᠳᠡᠭᠡᠳᠦ ᠲᠡᠰ ᠤᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ ᠶᠢᠨ | ᠬᠤᠯᠪᠣᠭ᠎ᠠ᠂ ᠪᠡᠭᠡᠵᠢᠩ ᠲᠢᠶᠠᠨᠵᠢᠨ ᠾᠧᠪᠸᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠬᠡᠯᠬᠢᠶ᠎ᠡ ᠶᠢᠨ ᠬᠤᠯᠪᠣᠭ᠎ᠠ᠂ ᠵᠦᠩ ᠭᠤᠸᠠᠨ ᠼᠦᠨ ᠤ ᠰᠢᠨ᠎ᠡ ᠪᠠᠷ ᠮᠠᠨᠳᠤᠭᠰᠠᠨ ᠬᠦᠷᠢᠶᠡᠨ ᠤ ᠲᠤᠰᠬᠠᠢ ᠰᠡᠳᠦᠪᠲᠦ | ᠤᠷᠤᠯᠳᠤᠭᠠᠨ ᠤ ᠲᠤᠰᠬᠠᠢ ᠵᠥᠪᠯᠡᠯ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ | ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠵᠦᠩ ᠭᠤᠸᠠᠨ ᠼᠦᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠠᠢ ᠳ᠋ᠢᠶᠠᠨ ᠬᠦᠷᠢᠶᠡᠯᠡᠩ᠂ ᠲᠦᠩᠵᠸᠤ ᠶᠢᠨ ᠬᠦᠷᠢᠶᠡᠯᠡᠩ᠂ ᠦ᠋ ᠴᠢᠩ | ᠪᠡᠭᠡᠵᠢᠩ ᠲᠢᠶᠠᠨᠵᠢᠨ ᠤ ᠠᠵᠤ ᠦᠢᠯᠡᠰ ᠤᠨ ᠰᠢᠨ᠎ᠡ ᠬᠤᠳᠠ᠂ ᠵᠦᠩ ᠰᠢᠨ ᠢᠦᠢ ᠭᠠᠩ ᠤᠯᠤᠰ ᠤᠨ ᠭᠤᠣᠯᠯᠠᠭᠴᠢ | ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠵᠡᠷᠭᠡ ᠠᠵᠤ ᠦᠢᠯᠡᠰ ᠤᠨ ᠬᠦᠷᠢᠶᠡᠯᠡᠩ | ᠲᠣᠭᠤᠷᠢᠭ ᠪᠣᠯᠤᠨ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠲᠠᠯᠠᠪᠠᠢ ᠳᠤ | ᠲᠠᠨᠢᠯᠴᠠᠭᠤᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠤᠯᠠᠭᠠᠨᠬᠠᠳᠠ ᠶᠢᠨ ᠰᠢᠨ᠎ᠡ ᠡᠨᠧᠷᠭᠢ ᠶᠢᠨ ᠠᠵᠤ | ᠦᠢᠯᠡᠰ ᠤᠨ ᠳᠠᠯᠳᠠ ᠬᠦᠴᠦᠨ ᠯᠤᠲᠤ ᠶᠡᠭᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ | ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠳᠠᠪᠠᠭᠤᠯᠢᠭ ᠣᠨᠴᠠᠯᠢᠭ ᠢᠯᠡᠷᠬᠡᠢ᠂ ᠲᠥᠷᠥ ᠶᠢᠨ | ᠪᠣᠳᠣᠯᠭ᠎ᠠ ᠳᠤ ᠵᠣᠬᠢᠴᠠᠯᠳᠤᠭᠰᠠᠨ ᠣᠯᠠᠨ ᠳᠠᠪᠬᠤᠷ ᠠᠰᠢᠭᠲᠠᠢ᠂ ᠠᠯᠤᠰ ᠢᠷᠡᠭᠡᠳᠦᠶ ᠥᠷᠭᠡᠨ ᠪᠠᠶᠢᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠪᠥᠬᠦ ᠲᠠᠯ᠎ᠠ ᠪᠠᠷ ᠪᠦᠷᠢᠨ ᠭᠦᠢᠴᠡᠳ ᠪᠠᠶᠢᠨ᠎ᠠ᠃ ᠲᠣᠰ ᠤᠳᠠᠭᠠᠨ ᠤ ︽ | ᠪᠡᠭᠡᠵᠢᠩ ᠲᠢᠶᠠᠨᠵᠢᠨ ᠤ ᠠᠵᠤ ᠦᠢᠯᠡᠰ ᠤᠨ ᠭᠠᠷ ᠠᠳᠬᠤᠬᠤ︾ ᠰᠠᠶᠢᠨ ᠠᠵᠠ ᠲᠣᠬᠢᠶᠠᠯ ᠢ ᠠᠰᠢᠭᠯᠠᠨ᠂ | ᠣᠯᠠᠨ ᠳᠤ ᠤᠯᠠᠭᠠᠨᠬᠠᠳᠠ ᠶᠢ ᠨᠠᠩ ᠭᠦᠨᠵᠡᠭᠡᠶ ᠣᠶᠢᠯᠠᠭᠠᠭᠤᠯᠵᠤ᠂ ᠤᠯᠠᠭᠠᠨᠬᠠᠳᠠ ᠶᠢ ᠬᠥᠲᠥᠯᠥᠨ ᠳᠠᠭᠠᠭᠤᠯᠵᠤ | ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠵᠠᠬ᠎ᠠ ᠳᠡᠯᠭᠡᠭᠦᠷ ᠲᠠᠢ ᠭᠦᠨᠵᠡᠭᠡᠶ ᠵᠣᠯᠭᠠᠭᠤᠯᠵᠤ᠂ ᠨᠠᠩ ᠭᠦᠨ | ᠳᠠᠪᠬᠤᠷᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠬᠤ ᠪᠠᠨ ᠢᠯᠡᠳᠬᠡᠪᠡ᠃ | ᠵᠥᠪᠳᠡᠯᠴᠡᠭᠡᠨ ᠤ ᠬᠤᠷᠠᠯ ᠤᠨ ᠬᠤᠭᠤᠴᠠᠭᠠᠨ ᠳᠤ᠂ ᠮᠠᠨ ᠤ ᠬᠤᠲᠠ ᠶᠢᠨ ᠪᠠᠭᠠᠷᠢᠨ ᠵᠡᠭᠦᠨ ᠬᠤᠰᠢᠭᠤ᠂ ᠪᠠᠭᠠᠷᠢᠨ | ᠪᠠᠷᠠᠭᠤᠨ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ᠂ ᠰᠦᠩᠱᠠᠨ ᠲᠣᠭᠤᠷᠢᠭ 6 ᠲᠥᠷᠥᠯ ᠵᠦᠢᠯ ᠤᠨ | ᠭᠡᠷ᠎ᠡ ᠲᠣᠭᠲᠠᠵᠤ᠂ 18.45 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃ |