︽ᠡᠪᠦᠯ ᠤᠨ ᠳᠤᠯᠠᠭᠠᠨ ᠰᠠᠭᠤᠴᠠ︾ ᠶᠢ ᠴᠣᠭᠴᠠᠯᠠᠵᠤ ᠣᠯᠠᠨ ᠲᠦᠮᠡᠨ ᠤ ᠪᠡᠶ᠎ᠡ ᠰᠡᠳᠬᠢᠯ ᠢ ᠳᠤᠯᠠᠭᠠᠴᠠᠭᠤᠯᠤᠨ᠎ᠠ᠃
ᠨᠡᠶᠢᠲᠡᠯᠡᠭᠰᠡᠨ ᠴᠠᠭ᠄
2024/10/30
   ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ 2024 ᠣᠨ ᠤ ︽ᠳᠤᠯᠠᠭᠠᠴᠠᠬᠤ ᠢᠨᠵᠧᠨᠧᠷᠢᠩ︾ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠰᠢᠭᠤ ᠢᠯᠴᠢ ᠶᠢᠨ ᠡᠬᠢ ᠰᠤᠷᠪᠤᠯᠵᠢ᠂ ᠢᠯᠴᠢ ᠶᠢᠨ ᠲᠣᠤᠷ᠂ ᠢᠯᠴᠢ ᠰᠣᠯᠢᠯᠴᠠᠬᠤ ᠥᠷᠲᠡᠭᠡ ᠵᠡᠷᠭᠡ ᠲᠠᠯ᠎ᠠ ᠪᠠᠷ ᠤᠷᠢᠳᠴᠢᠯᠠᠨ ᠲᠥᠯᠥᠪᠵᠢᠭᠦᠯᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃
   
ᠰᠤᠷᠪᠤᠯᠵᠢᠯᠠᠭᠴᠢ ᠰᠢᠨ ᠢᠦᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠳ᠋ᠦᠩ ᠠᠪᠤᠭᠠᠢ ᠶᠢᠨ ᠭᠡᠷ ᠲᠤ ᠬᠦᠷᠦᠮᠡᠭᠴᠡ ᠬᠠᠯᠠᠭᠤᠨ ᠠᠭᠤᠷ ᠬᠦᠷᠴᠦ ᠢᠷᠡᠪᠡ᠃ ︽ᠣᠳᠣ ᠶᠢᠨ ᠭᠡᠷ ᠤᠨ ᠳᠤᠯᠠᠭᠠᠨ ᠤ ᠬᠡᠮᠵᠢᠶ᠎ᠡ 22 ᠭᠷᠠᠳᠦ᠋ᠰ᠂ ᠡᠨᠡ ᠵᠢᠯ ᠤᠨ ᠳᠤᠯᠠᠭᠠᠯᠭ᠎ᠠ ᠯᠠᠪᠲᠠᠶ ᠪᠠᠲᠤᠯᠠᠭ᠎ᠠ ᠲᠠᠢ ᠪᠣᠯᠵᠠᠶ︾ ᠭᠡᠪᠡ᠃ ᠳ᠋ᠦᠩ ᠠᠪᠤᠭᠠᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠠᠭᠤᠭᠠᠯᠢ ᠲᠣᠭᠤᠷᠢᠭ ᠲᠤ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠰᠠᠶᠢᠵᠢᠷᠠᠭᠤᠯᠵᠤ᠂ ᠣᠳᠣᠬᠠᠨ ᠳᠤ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠳᠤᠯᠠᠭᠠᠨ ᠲᠠᠭᠠᠯᠠᠮᠵᠢᠲᠠᠶ ᠪᠠᠶᠢᠨ᠎ᠠ᠃
    ᠰᠢᠨ᠎ᠡ ᠬᠤᠲᠠ ᠶᠢᠨ ᠢᠯᠴᠢ ᠶᠢᠨ ᠬᠦᠴᠦᠨ ᠤ
ᠺᠣᠮᠫᠠᠨᠢ ᠶᠢᠨ ᠢᠯᠴᠢ ᠬᠠᠩᠭᠠᠬᠤ ᠮᠠᠰᠢᠨ ᠴᠣᠭᠴᠠᠯᠠᠪᠤᠷᠢ ᠶᠢᠨ ᠲᠥᠪᠯᠡᠷᠡᠭᠦᠯᠦᠨ ᠡᠵᠡᠮᠳᠡᠬᠦ ᠲᠠᠰᠤᠭ ᠲᠤ᠂ ᠠᠵᠢᠯᠲᠠᠳ ᠢᠯᠴᠢ ᠬᠠᠩᠭᠠᠬᠤ ᠲᠣᠤᠷ ᠤᠨ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ ᠢᠯᠴᠢ ᠬᠠᠩᠭᠠᠬᠤ ᠰᠢᠰᠲ᠋ᠧᠮ ᠤᠨ ᠡᠯ᠎ᠡ ᠭᠤᠭᠴᠤᠭ᠎ᠠ ᠶᠢᠨ ᠠᠵᠢᠯᠯᠠᠭᠠᠨ ᠤ ᠪᠣᠯᠵᠣᠯᠲᠤ ᠲᠤᠭ᠎ᠠ ᠪᠠ ᠲᠤᠭ᠎ᠠ ᠪᠠᠷᠢᠮᠲᠠ ᠶᠢᠨ ᠬᠤᠪᠢᠷᠠᠯᠲᠠ ᠶᠢ ᠴᠢᠩᠭ᠎ᠠ ᠬᠢᠨᠠᠨ ᠡᠵᠡᠮᠳᠡᠵᠦ᠂ ᠢᠯᠴᠢ ᠶᠢᠨ ᠢᠷᠡᠯᠲᠡ ᠶᠢᠨ ᠲᠣᠭᠲᠠᠭᠤᠨ ᠪᠠ ᠢᠯᠴᠢ ᠬᠠᠩᠭᠠᠬᠤ ᠠᠮᠤᠷ ᠲᠦᠪᠰᠢᠨ ᠢ ᠦᠨᠡᠨ ᠬᠦ ᠪᠠᠲᠤᠯᠠᠵᠤ ᠪᠠᠶᠢᠨ᠎ᠠ᠃ ᠺᠣᠮᠫᠠᠨᠢ ᠶᠢᠨ ᠢᠯᠴᠢ ᠶᠢᠨ ᠢᠷᠡᠯᠲᠡ ᠶᠢᠨ ᠦᠢᠯᠡᠳᠪᠦᠷᠢ ᠶᠢ ᠥᠭᠡᠷᠡᠴᠢᠯᠡᠬᠦ ᠠᠵᠢᠯ ᠡᠨᠡ ᠵᠢᠯ ᠨᠢᠭᠡᠨᠲᠡ ᠪᠦᠬᠦᠨ ᠢᠶᠠᠷ ᠢᠶᠠᠨ ᠳᠠᠭᠤᠰᠴᠤ᠂ ᠲᠥᠬᠦᠭᠡᠷᠦᠮᠵᠢ ᠶᠢ ᠴᠦ ᠨᠢᠭᠡᠨᠲᠡ ᠠᠰᠢᠭᠯᠠᠯᠲᠠ ᠳᠤ ᠣᠷᠣᠭᠤᠯᠵᠤ᠂ ᠢᠯᠴᠢ ᠬᠠᠩᠭᠠᠬᠤ ᠰᠢᠰᠲ᠋ᠧᠮ ᠤᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃
   ᠪᠠᠭᠠᠷᠢᠨ ᠵᠡᠭᠦᠨ ᠬᠤᠰᠢᠭᠤᠨ ᠤ ᠰᠢᠨ᠎ᠡ ᠬᠤᠲᠠ ᠶᠢᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠵᠢᠩ ᠯᠢᠨ᠄ ︽ᠢᠯᠴᠢ ᠶᠢᠨ ᠰᠤᠷᠪᠤᠯᠵᠢ ᠶᠢᠨ ᠦᠶ᠋ᠯᠡᠳᠪᠦᠷᠢ ᠶᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠮᠠᠨ ᠤ ᠺᠣᠮᠫᠠᠨᠢ ᠶᠢᠨ ᠢᠯᠴᠢ ᠬᠠᠩᠭᠠᠬᠤ ᠬᠦᠴᠦᠲᠡᠶ ᠪᠠᠲᠤᠯᠠᠭ᠎ᠠ ᠶᠢ ᠳᠡᠭᠡᠭᠰᠢᠯᠡᠭᠦᠯᠬᠦ ᠶᠢᠨ ᠬᠠᠮᠲᠤ ᠪᠠᠰᠠ ᠢᠯᠴᠢ ᠬᠠᠩᠭᠠᠭᠴᠢ ᠶᠢᠨ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃
  ᠣᠶᠢᠯᠠᠭᠠᠭᠰᠠᠨ ᠢᠶᠠᠷ᠂ 2024 ᠣᠨ ᠳᠤ᠂ ᠮᠠᠨ ᠤ ᠬᠤᠰᠢᠭᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠬᠦ ᠲᠥᠯᠥᠪᠯᠡᠭᠡ ᠶᠢᠨ ᠶᠡᠷᠦᠩᠬᠡᠶ ᠪᠠᠯᠠ ᠣᠷᠣᠭᠤᠯᠤᠯᠲᠠ ᠨᠢ 1 . 04 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠪᠦᠬᠦᠨ ᠢ ᠳᠠᠭᠤᠰᠬᠠᠵᠠᠶ᠃ ᠢᠯᠴᠢ ᠬᠠᠩᠭᠠᠬᠤ ᠬᠦᠷᠢᠶᠡᠨ ᠳᠠᠬᠢ ᠢᠯᠴᠢ ᠡᠭᠦᠰᠭᠡᠭᠴᠢ ᠶᠢᠨ ᠪᠠᠶᠢᠭᠤᠯᠤᠯᠲᠠ᠂ ᠢᠯᠴᠢ ᠬᠠᠩᠭᠠᠬᠤ ᠲᠣᠣᠷ ᠢ ᠰᠢᠨᠡᠳᠬᠡᠬᠦ᠂ ᠢᠯᠴᠢ ᠬᠠᠩᠭᠠᠬᠤ ᠥᠷᠲᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠠᠰᠠᠭᠤᠳᠠᠯ ᠢ ᠭᠤᠣᠯᠳᠠᠯᠭ᠎ᠠ ᠲᠠᠢ ᠰᠢᠶ᠋ᠳᠪᠦᠷᠢᠯᠡᠵᠦ᠂ ᠳᠤᠲᠠᠭᠤᠳᠠᠯ ᠢ ᠨᠥᠬᠦᠪᠥᠷᠢᠯᠡᠨ᠂ ᠰᠠᠭᠤᠭᠠᠯᠢ ᠠᠷᠠᠳ ᠤᠨ ︽ᠢᠯᠴᠢ ᠬᠠᠩᠭᠠᠬᠤ ᠢᠯᠡᠳᠬᠡᠭᠴᠢ ᠲᠤᠭ᠎ᠠ︾ ᠶᠢ ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠢᠯᠴᠢ ᠬᠠᠩᠭᠠᠬᠤ ᠶᠡᠷᠦᠩᠬᠡᠶ ᠲᠠᠯᠠᠪᠠᠶ 713 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠢᠯᠴᠢ ᠬᠠᠩᠭᠠᠬᠤ ᠬᠡᠷᠡᠭᠯᠡᠭᠴᠢ ᠨᠡᠶᠢᠲᠡ 5 . 56 ᠲᠦᠮᠡᠨ ᠡᠷᠦᠬᠡ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号