5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ | ᠪᠦᠯᠬᠦᠮ ᠤᠨ ᠬᠥᠯᠭᠡ ᠣᠩᠭᠤᠴᠠ ᠪᠠᠷ ᠬᠢᠯᠢ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠪᠡ᠃ ᠬᠥᠯᠭᠡ ᠣᠩᠭᠤᠴᠠ ᠪᠠᠷ ᠳᠤᠮᠳᠠᠳᠤ ᠤᠯᠤᠰ ᠲᠤ ᠢᠷᠡᠵᠦ᠂ ᠬᠢᠯᠢ ᠶᠢᠨ | ᠳᠣᠲᠣᠷᠠᠬᠢ ᠵᠢᠭᠤᠯᠴᠢᠯᠠᠯ ᠤᠨ ᠭᠠᠵᠠᠷ ᠵᠣᠬᠢᠶᠠᠨ ᠪᠠᠶᠢᠭᠤᠯᠵᠤ ᠬᠦᠯᠢᠶᠡᠨ ᠠᠪᠤᠭᠰᠠᠨ ᠭᠠᠳᠠᠭᠠᠳᠤ ᠶᠢᠨ | ᠵᠢᠭᠤᠯᠴᠢᠯᠠᠯ ᠤᠨ ᠪᠦᠯᠬᠦᠮ ︵2 ᠬᠥᠮᠥᠨ ᠵᠢᠴᠢ ᠲᠡᠭᠦᠨ ᠠᠴᠠ ᠳᠡᠭᠡᠭᠰᠢ︶ ᠨᠢ ᠲᠢᠶᠠᠨᠵᠢᠨ᠂ ᠳ᠋ᠠᠯᠢᠶᠠᠨ᠂ ᠱᠠᠩᠬᠠᠢ᠂ | ᠴᠢᠩᠳᠣᠣ ᠵᠡᠷᠭᠡ 13 ᠬᠤᠳᠠ ᠶᠢᠨ ᠬᠥᠯᠭᠡ ᠣᠩᠭᠤᠴᠠᠨ ᠤ ᠪᠣᠭᠤᠮᠲᠠ ᠪᠠᠷ ᠸᠢᠰᠠ ᠬᠡᠷᠡᠭᠰᠡᠬᠦ ᠦᠭᠡᠢ ᠪᠠᠷ ᠪᠦᠬᠦᠯᠢ | ᠪᠦᠯᠬᠦᠮ ᠢᠶᠠᠷ ᠢᠶᠠᠨ ᠬᠢᠯᠢ ᠳᠤ ᠣᠷᠣᠵᠤ ᠪᠣᠯᠣᠨ᠎ᠠ᠂ ᠳᠤᠮᠳᠠᠳᠤ ᠤᠯᠤᠰ ᠤᠨ ᠬᠢᠯᠢ ᠳᠣᠲᠣᠷ᠎ᠠ 15 ᠡᠳᠦᠷ ᠠᠴᠠ | ᠢᠯᠡᠭᠦᠦ ᠰᠠᠭᠠᠲᠠᠵᠤ ᠪᠣᠯᠬᠤ ᠦᠭᠡᠢ᠃ | ᠪᠥᠬᠦ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠦᠴᠦᠨ ᠮᠡᠬᠦᠰᠳᠡᠵᠦ᠂ ᠲᠣᠭᠲᠠᠭᠤᠨ ᠪᠤᠰᠤ ᠴᠢᠨᠠᠷ | ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠮᠠᠨ ᠤ ᠤᠯᠤᠰ | ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠳᠤ ᠣᠷᠣᠬᠤ ᠳᠤ ᠸᠢᠰᠠ ᠠᠴᠠ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠭᠡᠭᠡᠯᠲᠡ ᠬᠢᠬᠦ᠂ ᠬᠠᠮᠲᠤᠷᠠᠯᠴᠠᠬᠤ᠂ | ᠬᠠᠮᠲᠤ ᠪᠠᠷ ᠠᠰᠢᠭ ᠭᠥᠷᠳᠡᠬᠦ ᠢᠳᠡᠪᠬᠢᠲᠡᠢ ᠳᠣᠬᠢᠶ᠎ᠠ ᠶᠢ ᠳᠠᠮᠵᠢᠭᠤᠯᠵᠤ ᠪᠠᠶᠢᠨ᠎ᠠ᠃ ᠸᠢᠰᠠ ᠠᠴᠠ ᠬᠡᠯᠲᠦᠷᠢᠭᠦᠯᠬᠦ | ᠭᠡᠳᠡᠭ ᠨᠢ ᠦᠵᠡᠬᠦ ᠳᠤ ᠵᠦᠪᠬᠡᠨ ᠵᠠᠰᠠᠭ ᠵᠠᠬᠢᠷᠭᠠᠨ ᠤ ᠭᠠᠷ ᠭᠦᠢᠴᠡᠳᠬᠡᠯ ᠢ ᠳᠥᠭᠦᠮᠴᠢᠯᠡᠭᠰᠡᠨ ᠰᠢᠭ᠂ ︽ᠪᠠᠭ᠎ᠠ | ᠭᠠᠷᠳᠠᠴᠠ︾ ᠪᠣᠯᠬᠤ ᠪᠣᠯᠪᠠᠴᠤ ︽ᠶᠡᠭᠡ ᠡᠨᠧᠷᠭᠢ︾ ᠠᠭᠤᠯᠤᠭᠳᠠᠵᠤ ᠪᠠᠶᠢᠳᠠᠭ᠃ ᠲᠡᠷᠡ ᠨᠢ ᠮᠠᠨ ᠤ ᠤᠯᠤᠰ ᠤᠨ | ᠬᠥᠯᠭᠡ ᠣᠩᠭᠤᠴᠠᠨ ᠤ ᠠᠵᠤ ᠠᠬᠤᠢ ᠪᠠ ᠬᠥᠯᠭᠡ ᠣᠩᠭᠤᠴᠠᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠳᠤ ᠠᠰᠢᠭᠲᠠᠢ ᠮᠥᠷᠲᠡᠭᠡᠨ ᠪᠠᠰᠠ ᠳᠤᠮᠳᠠᠳᠤ ᠭᠠᠳᠠᠭᠠᠳᠤ ᠶᠢᠨ ᠬᠥᠮᠥᠰ ᠤᠨ ᠰᠣᠯᠢᠯᠴᠠᠭ᠎ᠠ | ᠶᠠᠪᠤᠯᠴᠠᠭ᠎ᠠ ᠶᠢ ᠠᠬᠢᠭᠤᠯᠵᠤ᠂ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠬᠦ ᠳᠤ ᠠᠰᠢᠭᠲᠠᠢ ᠶᠤᠮ᠃ | ᠬᠥᠯᠭᠡ ᠣᠩᠭᠤᠴᠠᠨ ᠤ ᠵᠢᠭᠤᠯᠴᠢᠯᠠᠯ ᠨᠢ ︽ᠳᠠᠯᠠᠢ ᠳᠡᠭᠡᠷᠡᠬᠢ ᠰᠢᠵᠢᠷ ᠠᠯᠲᠠᠨ ᠠᠵᠤ ᠦᠢᠯᠡᠰ︾ ᠬᠡᠮᠡᠭᠳᠡᠵᠦ᠂ | ᠬᠤᠨᠤᠭ ᠪᠠᠭᠤᠳᠠᠯ᠂ ᠬᠤᠭᠤᠯᠠ ᠤᠮᠳᠠ᠂ ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡᠨ ᠤ ᠬᠡᠷᠡᠭᠴᠡᠭᠡ ᠵᠢᠴᠢ | ᠭᠠᠷᠠᠮ ᠤᠨ ᠦᠢᠯᠡᠴᠢᠯᠡᠭᠡ᠂ ᠣᠩᠭᠤᠴᠠ ᠰᠠᠯ ᠤᠨ ᠰᠡᠯᠪᠢᠨ ᠵᠠᠰᠠᠯᠲᠠ ᠵᠡᠷᠭᠡ ᠠᠵᠤ ᠦᠢᠯᠡᠰ ᠤᠨ ᠬᠡᠷᠡᠭᠴᠡᠭᠡ ᠶᠢ | ᠬᠠᠮᠤᠷᠴᠤ᠂ ᠡᠬᠡ ᠭᠠᠷᠠᠮ ᠤᠨ ᠬᠤᠲᠠ ᠳᠤ ᠲᠤᠶᠢᠯ ᠤᠨ ᠴᠢᠩᠭ᠎ᠠ ᠠᠵᠤ ᠠᠬᠤᠢ ᠶᠢᠨ ᠳᠠᠶᠢᠴᠢᠯᠠᠬᠤ ᠦᠢᠯᠡᠳᠦᠯ ᠲᠠᠢ | ᠶᠤᠮ᠃ ᠣᠶᠢᠷ᠎ᠠ ᠶᠢᠨ 10 ᠵᠢᠯ ᠤᠨ ᠲᠤᠷᠰᠢ᠂ ᠣᠯᠠᠨ ᠤᠯᠤᠰ ᠤᠨ ᠬᠥᠯᠭᠡ ᠣᠩᠭᠤᠴᠠᠨ ᠤ ᠵᠢᠭᠤᠯᠴᠢᠯᠠᠯ ᠤᠨ | ᠵᠠᠬ᠎ᠠ ᠳᠡᠯᠭᠡᠭᠦᠷ ᠵᠢᠯ ᠳᠤᠮᠳᠠᠴᠢ ᠪᠠᠷ 6% ᠠᠴᠠ 8% ᠶᠢᠨ ᠨᠡᠮᠡᠭᠳᠡᠯ ᠤᠨ ᠬᠤᠷᠳᠤᠴᠠ ᠪᠠᠨ ᠪᠠᠲᠤᠯᠠᠭᠰᠠᠭᠠᠷ | ᠢᠷᠡᠵᠡᠶ᠃ ᠭᠡᠲᠡᠯ᠎ᠡ ᠥᠩᠭᠡᠷᠡᠭᠰᠡᠨ ᠳᠤ ᠲᠢᠶᠠᠨᠵᠢᠨ᠂ ᠱᠠᠩᠬᠠᠢ ᠮᠡᠲᠦ ᠶᠢᠨ ᠬᠡᠪᠴᠢᠶ᠎ᠡ ᠪᠠᠷ ᠨᠡᠯᠢᠶᠡᠳ ᠶᠡᠭᠡ ᠬᠥᠯᠭᠡ | ᠣᠩᠭᠤᠴᠠᠨ ᠤ ᠡᠬᠡ ᠭᠠᠷᠠᠮ ᠠᠴᠠ ᠭᠠᠳᠠᠨ᠎ᠠ᠂ ᠬᠡᠪᠴᠢᠶ᠎ᠡ ᠪᠠᠷ ᠨᠡᠯᠢᠶᠡᠳ ᠪᠠᠭ᠎ᠠ ᠬᠥᠯᠭᠡ ᠣᠩᠭᠤᠴᠠᠨ ᠤ ᠵᠠᠷᠢᠮ ᠡᠬᠡ | ᠭᠠᠷᠠᠮ ᠨᠢ ᠲᠣᠮᠣ ᠬᠡᠯᠪᠡᠷᠢ ᠶᠢᠨ ᠣᠯᠠᠨ ᠤᠯᠤᠰ ᠤᠨ ᠬᠥᠯᠭᠡ ᠣᠩᠭᠤᠴᠠᠨ ᠤ ᠬᠢᠯᠢ ᠪᠠᠷ ᠣᠷᠣᠵᠤ ᠵᠣᠭᠰᠣᠬᠤ ᠭᠠᠷᠠᠮ | ᠪᠣᠯᠵᠤ ᠳᠡᠶᠢᠯᠬᠦ ᠦᠭᠡᠢ ᠪᠠᠶᠢᠵᠤ᠂ ᠵᠣᠭᠰᠣᠭᠰᠠᠨ ᠴᠤ ᠴᠠᠭ ᠨᠢ ᠨᠡᠯᠢᠶᠡᠳ ᠣᠬᠤᠷ ᠪᠠᠶᠢᠳᠠᠭ᠃ ᠵᠢᠱᠢᠶᠡᠯᠡᠪᠡᠯ | ᠭᠠᠷᠠᠮ ᠳᠤ ᠣᠷᠣᠬᠤ ᠬᠥᠯᠭᠡ ᠣᠩᠭᠤᠴᠠᠨ ᠤ ᠴᠢᠩᠳᠣᠣ ᠳᠤ ᠵᠣᠭᠰᠣᠬᠤ ᠴᠠᠭ ᠨᠢ ᠳᠤᠮᠳᠠᠴᠢ ᠪᠠᠷ 1 ᠯᠡ ᠡᠳᠦᠷ | ᠶᠤᠮ᠃ ᠡᠨᠡ ᠤᠳᠠᠭ᠎ᠠ ᠮᠠᠨ ᠤ ᠤᠯᠤᠰ ᠤᠨ ᠲᠡᠯᠡᠶ ᠳᠠᠭᠠᠤ ᠣᠷᠣᠨ ᠳᠤ ᠬᠥᠯᠭᠡ ᠣᠩᠭᠤᠴᠠᠨ ᠤ ᠵᠢᠭᠤᠯᠴᠢᠯᠠᠯ ᠤᠨ | ᠪᠦᠯᠬᠦᠮ ᠤᠨ ᠬᠢᠯᠢ ᠪᠠᠷ ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠦᠭᠰᠡᠨ ᠨᠢ ᠤᠯᠠᠮ ᠠᠴᠠ ᠣᠯᠠᠨ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠲᠤ | ᠢᠷᠡᠵᠦ ᠶᠣᠰᠣ ᠵᠠᠩᠰᠢᠯ ᠢ ᠣᠶᠢᠯᠠᠭᠠᠨ ᠮᠡᠳᠡᠷᠡᠬᠦ ᠳᠤ ᠳᠦᠭᠦᠮᠯᠡᠵᠦ᠂ ᠮᠠᠨ ᠤ ᠤᠯᠤᠰ ᠤᠨ ᠲᠡᠯᠡᠶ ᠳᠠᠭᠠᠤ ᠮᠤᠵᠢ ᠶᠢᠨ | ᠬᠥᠯᠭᠡ ᠣᠩᠭᠤᠴᠠᠨ ᠤ ᠠᠵᠤ ᠠᠬᠤᠢ ᠶᠢᠨ ᠡᠷᠴᠢᠮᠯᠢᠭ ᠬᠥᠭᠵᠢᠯᠲᠡ ᠶᠢ ᠠᠬᠢᠭᠤᠯᠬᠤ ᠪᠣᠯᠣᠨ᠎ᠠ᠃ | ᠸᠢᠰᠠ ᠠᠴᠠ ᠬᠡᠯᠲᠦᠷᠢᠭᠦᠯᠬᠦ ᠪᠣᠯ ᠪᠠᠰᠠ ᠴᠤ ᠳᠡᠯᠡᠬᠡᠶᠢᠴᠢᠯᠡᠬᠦ ᠵᠣᠷᠢᠭ ᠰᠠᠨᠠᠭᠠᠨ ᠤ ᠪᠣᠳᠠᠲᠠᠢ ᠢᠯᠡᠷᠡᠯ ᠮᠥᠨ᠃ | ᠬᠡᠳᠦᠢ ᠪᠠᠷ ᠣᠳᠣᠬᠠᠨ ᠳᠤ ︽ᠰᠥᠷᠭᠡᠦ ᠳᠡᠯᠡᠬᠡᠶᠢᠵᠢᠯ︾ ᠤᠨ ᠳᠠᠯᠳᠠ ᠤᠷᠤᠰᠬᠠᠯ ᠪᠣᠯᠵᠤ ᠪᠠᠶᠢᠭ᠎ᠠ ᠪᠣᠯᠪᠠᠴᠤ᠂ | ᠳᠡᠯᠡᠬᠡᠢ ᠶᠢᠨ ᠪᠥᠮᠪᠥᠷᠴᠡᠭ ᠲᠣᠰᠬᠤᠨ ᠤ ︽ᠢᠷᠭᠡᠨ︾ ᠪᠣᠯᠤᠭᠰᠠᠨ ᠤ ᠬᠤᠪᠢ ᠳᠤ᠂ ︽ᠦᠷᠭᠦᠯᠵᠢ ᠭᠠᠳᠠᠭᠰᠢ | ᠭᠠᠷᠴᠤ ᠦᠵᠡᠬᠦ︾ ᠨᠢ ᠨᠢᠭᠡᠨᠲᠡ ᠨᠢᠭᠡ ᠵᠦᠢᠯ ᠤᠨ ᠠᠮᠢᠳᠤᠷᠠᠯ ᠤᠨ ᠬᠡᠷᠡᠭᠴᠡᠭᠡ ᠪᠣᠯᠤᠭᠰᠠᠨ ᠪᠠᠶᠢᠨ᠎ᠠ᠃ ᠪᠠᠶᠢᠩᠭᠤ | ᠶᠠᠪᠤᠯᠴᠠᠬᠤ ᠳᠤᠮᠳᠠ ᠪᠠᠨ᠂ ᠬᠤᠭᠤᠷᠣ ᠬᠤᠭᠤᠷᠣᠨᠳᠤ ᠪᠠᠨ ᠢᠲᠡᠭᠡᠯᠴᠡᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠦᠨ | ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ ᠴᠢᠳᠠᠨ᠎ᠠ᠃ ᠨᠢᠳᠤᠨᠤᠨ ᠠᠴᠠ ᠨᠠᠭᠠᠰᠢ᠂ ᠮᠠᠨ ᠤ ᠤᠯᠤᠰ | ᠳᠤᠮᠳᠠᠳᠤ ᠭᠠᠳᠠᠭᠠᠳᠤ ᠶᠢᠨ ᠨᠥᠬᠦᠷᠰᠡᠭ ᠶᠠᠪᠤᠯᠴᠠᠭ᠎ᠠ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ | ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠲᠤ ᠢᠷᠡᠵᠦ ᠰᠤᠷᠤᠯᠴᠠᠬᠤ ᠶᠢ ᠬᠢᠨᠠᠨ ᠵᠥᠪᠰᠢᠶᠡᠷᠡᠬᠦ ᠭᠠᠷ | ᠭᠦᠢᠴᠡᠳᠬᠡᠯ ᠢ ᠳᠥᠭᠦᠮᠴᠢᠯᠡᠬᠦ᠂ ᠬᠡᠰᠡᠭ ᠤᠯᠤᠰ ᠲᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠲᠤᠷᠰᠢᠨ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠸᠢᠰᠠ ᠶᠢᠨ ᠲᠥᠷᠥ ᠶᠢᠨ ᠪᠣᠳᠣᠯᠭ᠎ᠠ ᠨᠤᠭᠤᠳ ᠢᠶᠠᠨ ᠲᠠᠰᠤᠷᠠᠯᠲᠠ | ᠦᠭᠡᠢ ᠰᠢᠯᠢᠳᠡᠭᠵᠢᠭᠦᠯᠦᠭᠰᠡᠨ ᠶᠤᠮ᠃ | ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠬᠦ ᠨᠢ ᠨᠡᠮᠡᠭᠳᠡᠵᠦ᠂ ᠤᠯᠠᠮ ᠠᠴᠠ ᠣᠯᠠᠨ ᠤᠯᠤᠰ ᠤᠨ | ᠬᠦᠮᠦᠰ ᠳᠤᠮᠳᠠᠳᠤ ᠤᠯᠤᠰ ᠢ ᠨᠡᠩ ᠪᠦᠬᠦ ᠲᠠᠯ᠎ᠠ ᠪᠠᠷ᠂ ᠭᠦᠨᠵᠡᠭᠡᠢ ᠣᠶᠢᠯᠠᠭᠠᠵᠤ ᠪᠠᠶᠢᠨ᠎ᠠ᠃ ᠡᠨᠡ ᠵᠢᠯ ᠤᠨ | ᠨᠢᠭᠡᠳᠦᠭᠡᠷ ᠤᠯᠠᠷᠢᠯ ᠳᠤ᠂ ᠭᠠᠳᠠᠭᠠᠳᠤ ᠶᠢᠨ ᠬᠦᠮᠦᠰ ᠤᠨ ᠳᠤᠮᠳᠠᠳᠤ ᠤᠯᠤᠰ ᠲᠤ ᠢᠷᠡᠭᠰᠡᠨ ᠲᠤᠭ᠎ᠠ 2023 | ᠣᠨ ᠤ ᠠᠳᠠᠯᠢ ᠬᠤᠭᠤᠴᠠᠭᠠᠨ ᠤ ᠬᠢ ᠠᠴᠠ 3 ᠲᠠᠬᠢᠨ ᠢᠯᠡᠭᠦᠦ ᠨᠡᠮᠡᠭᠳᠡᠵᠦ᠂ ᠮᠠᠨ ᠤ ᠤᠯᠤᠰ ᠤᠨ ᠰᠢᠨ᠎ᠡ ᠪᠠᠷ | ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠤᠭ᠎ᠠ 1.2 ᠲᠦᠮᠡ ᠳᠤ ᠬᠦᠷᠴᠡᠢ᠃ | ᠨᠡᠭᠡᠭᠡᠯᠲᠡ ᠲᠠᠢ ᠠᠰᠢᠭᠲᠠᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠬᠡᠷᠡᠭᠵᠢᠭᠦᠯᠦᠭᠰᠡᠨ ᠨᠢ ᠮᠠᠨ ᠤ | ᠤᠯᠤᠰ ᠤᠨ ᠳᠡᠯᠡᠬᠡᠢ ᠳ᠋ᠠᠬᠢᠨ ᠢ ᠬᠦᠷᠢᠶᠡᠯᠡᠵᠦ ᠪᠠᠶᠢᠭ᠎ᠠ ᠦᠨᠡᠨᠴᠢ ᠰᠡᠳᠬᠢᠯ ᠢ ᠬᠠᠷᠠᠭᠤᠯᠵᠤ᠂ ᠭᠠᠳᠠᠭᠠᠳᠤ ᠶᠢᠨ | ᠬᠤᠳᠠᠯᠳᠤᠭᠠᠴᠢᠳ ᠤᠨ ᠳᠤᠮᠳᠠᠳᠤ ᠤᠯᠤᠰ ᠲᠤ ᠢᠷᠡᠬᠦ ᠢᠲᠡᠭᠡᠯ ᠢ ᠨᠡᠮᠡᠭᠳᠡᠭᠦᠯᠦᠭᠰᠡᠨ ᠶᠤᠮ᠃ ᠲᠦᠷᠦᠭᠦᠬᠡᠨ᠂ | ᠳᠡᠯᠡᠬᠡᠢ ᠶᠢᠨ ᠨᠠᠷᠠᠲᠤ ᠬᠠᠮᠢᠶᠠᠷᠤᠯᠲᠠ ᠶᠢᠨ ᠵᠥᠪᠯᠡᠯᠭᠡ ᠶᠢᠨ ᠺᠣᠮᠫᠠᠨᠢ ᠪᠣᠯᠬᠤ ᠺᠣᠷᠨᠢ ᠺᠣᠮᠫᠠᠨᠢ ᠶᠢᠨ ᠨᠡᠶᠢᠲᠡᠯᠡᠭᠰᠡᠨ | 2024 ᠣᠨ ᠤ ᠪᠥᠬᠦ ᠳᠡᠯᠡᠬᠡᠢ ᠶᠢᠨ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢᠨ | ᠢᠲᠡᠭᠡᠯ ᠤᠨ ᠢᠯᠡᠳᠬᠡᠭᠴᠢ ᠶᠢᠨ ᠮᠡᠳᠡᠭᠦᠯᠦᠯᠲᠡ ᠳᠤ᠂ ᠮᠠᠨ ᠤ ᠤᠯᠤᠰ ᠢ ᠨᠢᠳᠤᠨᠤᠨ ᠳᠣᠯᠣᠳᠤᠭᠠᠷ ᠲᠤ ᠵᠢᠭᠰᠠᠭᠠᠵᠤ | ᠪᠠᠶᠢᠭᠰᠠᠨ ᠠᠴᠠ ᠪᠠᠨ ᠥᠨᠥ ᠭᠤᠷᠪᠠᠳᠤᠭᠠᠷ ᠲᠤ ᠵᠢᠭᠰᠠᠭᠠᠬᠤ ᠪᠠᠷ ᠪᠠᠶᠢᠨ᠎ᠠ᠃ | ᠭᠡᠪᠡᠴᠦ᠂ ᠬᠢᠯᠢ ᠪᠠᠷ ᠣᠷᠣᠵᠤ ᠵᠢᠭᠤᠯᠴᠢᠯᠠᠬᠤ ᠬᠥᠮᠥᠨ ᠤ ᠲᠤᠭ᠎ᠠ ᠣᠯᠠᠰᠢᠷᠠᠭᠰᠠᠨ ᠨᠢ ᠰᠣᠶᠣᠯ ᠵᠢᠭᠤᠯᠴᠢᠯᠠᠯ ᠤᠨ | ᠬᠥᠭᠵᠢᠯᠲᠡ ᠶᠢ ᠳᠠᠶᠢᠴᠢᠯᠠᠬᠤ ᠶᠢᠨ ᠵᠡᠷᠭᠡ ᠳᠤ ᠪᠠᠰᠠ ᠬᠤᠲᠠ ᠶᠢᠨ ᠬᠠᠮᠢᠶᠠᠷᠤᠯᠲᠠ ᠦᠢᠯᠡᠴᠢᠯᠡᠭᠡ ᠳᠤ | ᠥᠷᠢᠰᠦᠯᠳᠦᠭᠡᠨ ᠤᠴᠠᠷᠠᠭᠤᠯᠵᠤ ᠪᠠᠶᠢᠨ᠎ᠠ᠃ ᠳᠠᠷᠠᠭᠠᠴᠢ ᠪᠠᠷ᠂ ᠲᠦᠭᠵᠢᠷᠡᠯ ᠬᠦᠴᠢᠷᠳᠡᠯ ᠢ ᠡᠮᠬᠢᠯᠡᠨ ᠡᠷᠢᠵᠦ᠂ | ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ | ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢᠨ ᠲᠦᠪᠰᠢᠨ ᠢ ᠳᠡᠭᠡᠭᠰᠢᠯᠡᠭᠦᠯᠵᠦ᠂ ᠭᠠᠳᠠᠭᠠᠳᠤ ᠶᠢᠨ | ᠵᠢᠭᠤᠯᠴᠢᠯᠠᠭᠰᠠᠳ ᠤᠨ ᠳᠤᠮᠳᠠᠳᠤ ᠤᠯᠤᠰ ᠲᠠᠬᠢ ᠵᠢᠭᠤᠯᠴᠢᠯᠠᠯ ᠢ ᠨᠡᠩ ᠤᠷᠤᠭᠰᠢᠲᠠᠢ᠂ ᠲᠠᠭᠠᠯᠠᠮᠵᠢᠲᠠᠢ ᠪᠣᠯᠭᠠᠨ᠎ᠠ᠃ |