ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ | ᠬᠦᠴᠦᠲᠡᠶ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠥᠷᠨᠢᠭᠦᠯᠵᠦ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ᠂ ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠨᠡᠶᠢᠭᠡᠮ ᠤᠨ | ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ ᠶᠠᠰᠤ ᠴᠢᠨᠠᠷ ᠰᠠᠶᠢᠨ ᠪᠢᠰᠢ᠂ | ᠰᠢᠨ᠎ᠡ ᠶᠢ ᠡᠭᠦᠳᠬᠦ ᠪᠠᠷ ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ | ᠳᠤ ᠬᠡᠳᠦᠨ ᠦᠨᠳᠦᠰᠦᠨ ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ | ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ | ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ | ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ | ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ | ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ ᠬᠡᠯᠪᠠᠶᠢᠯᠲᠡ ᠶᠢ | ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ ᠡᠵᠡᠩᠨᠡᠯᠲᠡ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ | ᠳᠡᠶᠢᠯᠬᠦ︾ ᠶᠢ ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ | ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠤᠶᠢᠵᠢᠭᠤᠯᠬᠤ ᠬᠡᠷᠡᠭᠲᠡᠶ᠃ | ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ | ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ | ᠦᠷᠭᠦᠯᠵᠢᠯᠡᠬᠦᠶᠢᠴᠡ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ | ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ | ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ | ︽ᠰᠠᠨᠠᠯ︾ ᠤᠨ ᠨᠡᠶᠢᠲᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ | ᠠᠷᠭ᠎ᠠ ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ | ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠭᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠴᠢᠨᠠᠷ ᠰᠠᠶᠢᠲᠠᠶ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ | ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ | ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ︾ ᠤᠨ ᠴᠢᠬᠤᠯᠠ ᠦᠵᠡᠴᠡ ᠪᠣᠯᠤᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ | ᠲᠠᠯ᠎ᠠ ᠪᠠᠷ᠂ ︽ᠰᠠᠨᠠᠯ︾ ᠳᠤ ︽ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ | ᠳᠣᠭᠢᠷᠠᠬᠤ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ | ᠦᠢᠯᠡᠳᠬᠦᠨ ᠢ ᠶᠡᠭᠡ ᠪᠠᠷ ᠬᠥᠭᠵᠢᠭᠦᠯᠬᠦ︾ ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠤᠬᠡᠳ ᠤᠨ ᠲᠥᠷᠥᠯᠬᠢ | ᠴᠢᠨᠠᠷᠲᠠᠶ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ | ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠥᠬᠡᠶ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ | ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ | ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ ᠠᠷᠠᠳ ᠤᠨ ᠬᠠᠮᠲᠤᠯᠢᠭ ᠪᠠ | ᠠᠮᠢᠳᠤᠯᠢᠭ ᠢᠶᠠᠷ ᠠᠵᠢᠯ ᠣᠯᠤᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠴᠠᠩᠭᠤᠶ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ | ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ | ᠲᠠᠯ᠎ᠠ ᠪᠠᠷ᠂ ︽ᠰᠠᠨᠠᠯ︾ ᠳᠤ ︽ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ | ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ ᠰᠦᠢᠳᠬᠡᠯ | ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ | ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠥᠬᠦᠶ ᠳᠠᠭᠠᠳᠬᠠᠯ ᠢ | ᠢᠳᠡᠪᠬᠢᠲᠡᠶ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ | ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ | ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ | ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ᠂ ᠡᠷᠡᠭᠦᠯ ᠮᠡᠨᠳᠦ ᠶᠢᠨ | ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠬᠡᠷ ᠪᠦᠯᠢ ᠶᠢᠨ ᠡᠳ᠋ ᠬᠥᠷᠥᠩᠭᠡ ᠶᠢᠨ | ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ | ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠬᠤᠯᠠ | ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ ᠲᠠᠭᠠᠳᠬᠠᠯ ᠤᠨ ᠦᠢᠯᠡᠰ ᠳᠦᠷᠬᠡᠨ ᠲᠠᠪᠰᠢᠭᠰᠠᠨ | ᠪᠤᠯᠪᠠᠴᠦ ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ | ᠬᠦ ᠠᠬᠤᠶ ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ | ᠬᠠᠷᠠᠯᠲᠠ ᠶᠢ ᠳᠠᠷᠤᠶᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠢ | ᠲᠡᠭᠦᠯᠳᠡᠷᠵᠢᠭᠦᠯᠬᠦ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠬᠤ ᠨᠢ ᠲᠦᠢᠯ ᠤᠨ ᠴᠢᠬᠤᠯᠠᠲᠠᠶ ᠶᠤᠮ᠃︾ ᠮᠥᠩᠭᠦᠨ | ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ | ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ | ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ | ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ | ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ | ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠶ ᠬᠠᠷᠠᠯᠲᠠ ᠮᠥᠨ᠃ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ | ᠬᠡᠯᠡᠬᠦ ᠳᠤ ᠪᠠᠨ᠂ ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ | ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ ᠡᠵᠡᠩᠨᠡᠯᠲᠡ ᠶᠢᠨ | ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ | ᠢᠳᠡᠪᠬᠢᠲᠡᠶ ᠣᠷᠣᠯᠴᠠᠬᠤ ᠪᠠ ᠠᠬᠢᠭᠤᠯᠬᠤ ᠬᠡᠷᠡᠭᠲᠡᠶ ᠭᠡᠵᠡᠶ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 | ᠳ᠋ᠦᠩᠰᠢᠭᠤᠷ ᠲᠥᠭᠦᠷᠢᠭ ᠤᠨ᠂ ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ | ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ | ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ | ᠶᠤᠮ᠃ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ | ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ | ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2023 | ᠣᠨ ᠳᠤ ᠨᠠᠰᠤᠲᠠᠶᠢᠴᠤᠳ ᠵᠡᠷᠭᠡ ᠬᠥᠮᠦᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠦᠨ | ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ | ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ | ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ | ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ ᠭᠡᠵᠦ ᠳᠤᠮᠳᠠᠳᠤ ᠤᠯᠤᠰ ᠤᠨ ᠠᠮᠢ | ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ | ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠥᠯᠢ ᠶᠢᠨ ᠳᠠᠭᠠᠳᠬᠠᠯ︾ ᠤᠨ | ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠪᠣᠯ ᠱᠠᠩᠬᠠᠶ | ᠬᠤᠲᠠ ᠶᠢᠨ ᠠᠷᠠᠳ ᠲᠤ ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ | ᠬᠡᠯᠪᠡᠷᠢ ᠶᠢᠨ ᠬᠡᠷ ᠪᠦᠯᠢ ᠶᠢᠨ ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ+ᠦᠢᠯᠡᠴᠢᠯᠡᠭᠡ︾ ᠶᠢᠨ ᠰᠢᠨ᠎ᠡ ᠶᠢ | ᠡᠭᠦᠳᠦᠭᠰᠡᠨ ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠶ | ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ︽ᠱᠠᠩᠬᠠᠶ ᠶᠢᠨ ᠭᠡᠷ | ᠪᠥᠯᠢ ᠶᠢᠨ ᠳᠠᠭᠠᠳᠬᠠᠯ︾ ᠨᠢ ᠪᠠᠰᠠ ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠬᠡᠷ ᠤᠨ ᠴᠠᠬᠢᠯᠭᠠᠨ | ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ | ᠪᠠᠷᠢᠮᠵᠢᠶᠠᠵᠢᠭᠤᠯᠤᠭᠰᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ | ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ ᠬᠡᠷᠡᠭᠯᠡᠨ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠤᠶᠤᠨᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ | ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠤ ᠳᠦᠭᠦᠮᠴᠢᠯᠡᠯᠲᠡ ᠶᠢᠨ ᠬᠡᠮᠵᠢᠶ᠎ᠡ ᠶᠢ | ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ ᠲᠦᠯᠦᠵᠦ | ᠳᠡᠶᠢᠯᠬᠦ ᠶᠢ ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠰᠠᠶᠢᠲᠤᠷ ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ | |