10 ᠰᠠᠷ᠎ᠠ ᠶᠢᠨ 14 ᠠᠴᠠ 17 ᠤ ᠡᠳᠦᠷ ᠪᠤᠯᠲᠠᠯ᠎ᠠ᠂ ᠸᠠᠩ ᠯᠢ ᠰᠢᠶᠠ ᠬᠠᠳᠤᠨ ᠭᠤᠣᠯ ᠤᠨ ᠥᠪᠥᠷ ᠮᠣᠩᠭᠤᠯ ᠳᠠᠬᠢ | ᠬᠡᠰᠡᠭ ᠤᠨ ᠡᠷᠭᠢ ᠳᠠᠭᠠᠤ ᠶᠢᠨ ᠬᠡᠰᠡᠭ ᠬᠤᠰᠢᠭᠤ ᠰᠢᠶᠠᠨ ᠲᠣᠭᠤᠷᠢᠭ ᠲᠤ ᠬᠦᠷᠴᠦ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ | | | | | | | | | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ | ᠣᠷᠣᠨ ᠤ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠠᠰᠠᠭᠤᠳᠠᠯ ᠤᠨ | ᠨᠠᠷᠢᠨ ᠳᠠᠩᠰᠠ ᠶᠢᠨ ᠲᠣᠭᠤᠷᠢᠨ ᠳᠤ᠂ ᠸᠠᠩ ᠯᠢ ᠰᠢᠶᠠ ᠤᠷᠢᠳ ᠬᠤᠵᠢᠳ ᠭᠦᠭᠡᠬᠤᠲᠠ᠂ ᠦᠬᠠᠢ᠂ ᠠᠯᠠᠱᠠ᠂ | ᠣᠷᠳᠣᠰ ᠤᠨ ᠬᠡᠰᠡᠭ ᠠᠵᠤ ᠠᠬᠤᠶᠢᠯᠠᠯ ᠳᠤ ᠬᠦᠷᠴᠦ᠂ ᠤᠷᠢᠳᠴᠢᠯᠠᠨ ᠮᠡᠳᠡᠭᠳᠡᠭᠰᠡᠨ ᠦᠭᠡᠢ ᠪᠠᠷ ᠵᠢᠶᠦ᠋ᠨ ᠯᠠᠩ ᠡᠮ | ᠡᠮᠨᠡᠯᠭᠡ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠪᠣᠬᠢᠷ ᠤᠰᠤ ᠰᠢᠢᠳᠪᠦᠷᠢᠯᠡᠬᠦ ᠴᠡᠭ᠂ ᠵᠢᠶᠠᠨ ᠠᠨ ᠨᠡᠭᠦᠷᠡᠰᠦᠨ | ᠠᠭᠤᠷᠬᠠᠢ ᠶᠢᠨ ᠠᠶᠠᠨᠳᠠᠭᠠᠨ ᠨᠣᠴᠣᠬᠤ ᠴᠡᠭ᠂ ᠰᠢ ᠴᠢᠩ ᠺᠤᠮᠫᠠᠨᠢ ᠶᠢᠨ ᠦᠨᠡᠰᠦ ᠬᠠᠳᠠᠭᠠᠯᠠᠬᠤ ᠲᠠᠯᠠᠪᠠᠢ ᠳᠤ | ᠭᠦᠨᠵᠡᠭᠡᠶᠢᠷᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠵᠢᠯᠤᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠶᠡᠭᠡ ᠬᠠᠮᠠᠭᠠᠯᠠᠯᠲᠠ᠂ ᠶᠡᠭᠡ ᠬᠤᠪᠢᠷᠠᠯᠲᠠ᠂ ᠶᠡᠭᠡ ᠴᠡᠭᠴᠡᠯᠡᠨ | ᠥᠭᠡᠷᠡᠴᠢᠯᠡᠯᠲᠡ︾ ᠶᠢᠨ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠶᠢᠨ ᠠᠷᠭ᠎ᠠ ᠪᠠᠷ ᠠᠮᠢ ᠠᠬᠤᠢ ᠶᠢᠨ ᠬᠠᠮᠠᠭᠠᠯᠠᠯᠲᠠ ᠪᠠ | ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ | ᠬᠠᠳᠤᠨ ᠭᠤᠣᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ᠨᠠᠷᠢᠨ ᠲᠠᠩᠰᠠ ᠲᠠᠢ ᠬᠠᠷᠭᠤᠭᠤᠯᠤᠨ ᠪᠦᠭᠦ ᠲᠠᠯ᠎ᠠ ᠪᠠᠷ | ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠩᠭᠢᠯᠠᠨ ᠰᠢᠢᠳᠪᠦᠷᠢᠯᠡᠬᠦ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠪᠣᠳᠠᠲᠠᠢ ᠰᠠᠶᠢᠵᠢᠷᠠᠭᠤᠯᠵᠤ ᠲᠤᠶᠢᠯᠪᠤᠷᠢᠲᠠᠢ ᠰᠠᠶᠢᠵᠢᠷᠠᠭᠤᠯᠬᠤ᠂ ᠰᠢᠯᠭᠠᠯᠲᠠ ᠶᠢ ᠳᠠᠭᠠᠭᠠᠵᠤ ᠳᠡᠶᠢᠯᠭᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ ᠪᠠᠰᠠ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠵᠡᠷᠭᠡ ᠠᠵᠤ | ᠠᠬᠤᠶᠢᠯᠠᠯ ᠳᠤ ᠭᠦᠨᠵᠡᠭᠡᠶᠢᠷᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠵᠦ | ᠬᠡᠯᠬᠢᠶ᠎ᠡ ᠶᠢ ᠬᠦᠴᠦᠷᠬᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ ᠬᠥᠭᠵᠢᠭᠦᠯᠵᠦ᠂ ᠠᠵᠤ ᠦᠢᠯᠡᠰ ᠤᠨ | ᠬᠡᠯᠬᠢᠶ᠎ᠡ ᠶᠢ ᠡᠴᠦᠰ ᠤᠨ ᠬᠡᠯᠬᠢᠶ᠎ᠡ ᠲᠡᠶᠢᠰᠢ ᠲᠠᠰᠤᠷᠠᠯᠳᠠ ᠦᠭᠡᠢ ᠤᠷᠲᠤᠳᠬᠠᠬᠤ ᠶᠢ ᠠᠬᠢᠭᠤᠯᠵᠤ᠂ ᠳᠡᠭᠡᠳᠦ ᠲᠡᠰᠵᠢᠭᠰᠡᠨ᠂ | ᠣᠶᠤᠨᠴᠢᠯᠠᠭᠰᠠᠨ᠂ ᠪᠣᠬᠢᠷᠳᠤᠯ ᠦᠭᠡᠢ ᠲᠡᠶᠢᠰᠢ ᠤᠷᠤᠭᠰᠢᠯᠠᠵᠤ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ | ᠬᠡᠪ ᠳᠠᠭᠤᠷᠢᠶᠠᠯ ᠢ ᠪᠤᠢ ᠪᠤᠯᠭᠠᠬᠤ ᠶᠢ ᠵᠣᠷᠢᠭᠵᠢᠭᠤᠯᠪᠠ᠃ | ᠤᠰᠤ ᠪᠣᠯ ᠬᠠᠲᠤᠨ ᠭᠤᠣᠯ ᠤᠨ ᠰᠠᠪᠠ ᠭᠠᠵᠠᠷ ᠤᠨ ᠲᠣᠪᠣᠶᠢᠮ᠎ᠠ ᠠᠰᠠᠭᠤᠳᠠᠯ ᠪᠣᠯᠣᠨ᠎ᠠ᠂ ᠸᠠᠩ ᠯᠢ ᠰᠢᠶᠠ ᠤᠰᠤ | ᠠᠷᠪᠢᠯᠠᠬᠤ ᠥᠭᠡᠷᠡᠴᠢᠯᠡᠯᠲᠡ᠂ ᠳᠠᠬᠢᠯᠲᠠ ᠤᠰᠤ ᠶᠢ ᠬᠤᠷᠢᠶᠠᠨ ᠠᠪᠴᠤ ᠠᠰᠢᠭᠯᠠᠬᠤ ᠵᠡᠷᠭᠡ ᠠᠵᠢᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠵᠦ᠂ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠨᠠᠩ ᠰᠢᠨᠵᠢᠯᠡᠬᠦ ᠤᠬᠠᠭᠠᠨᠴᠢ᠂ ᠠᠷᠪᠢᠴᠢ | ᠭᠠᠮᠲᠠᠢ᠂ ᠦᠷᠭᠦᠯᠵᠢᠯᠡᠬᠦ ᠵᠠᠰᠠᠯᠲᠠ ᠶᠢᠨ ᠠᠷᠭ᠎ᠠ ᠶᠢ ᠰᠦᠪᠡᠭᠴᠢᠯᠡᠵᠦ᠂ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠠᠵᠤ | ᠠᠬᠤᠶᠢᠯᠠᠯ ᠳᠤ ᠲᠤᠰᠢᠶᠠᠵᠤ᠂ ᠵᠠᠰᠠᠭ ᠤᠨ ᠣᠷᠳᠣᠨ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠠᠷᠭ᠎ᠠ ᠭᠡᠯᠪᠡᠷᠢ ᠪᠠᠷ | ᠲᠠᠮᠵᠢᠨ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠬᠠᠶᠠᠭᠳᠠᠮᠠᠯ ᠪᠣᠳᠠᠰ ᠢ ᠬᠡᠷᠡᠭᠴᠡᠭᠡ | ᠲᠠᠢ ᠵᠦᠢᠯ ᠪᠤᠯᠭᠠᠵᠤ᠂ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ᠃ ᠤᠰᠤᠨ ᠤ ᠦᠨ᠎ᠡ ᠶᠢ ᠲᠣᠬᠢᠷᠠᠭᠤᠯᠬᠤ | ᠲᠣᠭᠲᠠᠴᠠ ᠶᠢ ᠰᠠᠶᠢᠲᠤᠷ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠳᠤᠮᠳᠠᠬᠢ ᠤᠰᠤᠨ ᠤ ᠠᠰᠢᠭᠯᠠᠯᠲᠠ ᠶᠢᠨ ᠨᠣᠷᠮ᠎ᠠ ᠶᠢ | ᠶᠡᠭᠡ ᠪᠠᠷ ᠳᠡᠭᠡᠭᠰᠢᠯᠡᠭᠦᠯᠵᠦ᠂ ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ ᠪᠠ ︽ᠰᠤᠯᠠ ᠭᠠᠵᠠᠷ ᠢ ᠤᠰᠤᠯᠠᠬᠤ︾ | ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠤ ᠦᠢᠯᠡᠳᠪᠦᠷᠢ ᠲᠠᠷᠢᠶᠠᠯᠠᠩ ᠤᠨ ᠤᠰᠤ ᠬᠡᠷᠡᠭᠯᠡᠬᠦ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠠᠷᠪᠠᠰ ᠤᠨ ᠲᠠᠯ᠎ᠠ ᠨᠤᠲᠤᠭ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠤᠭᠰᠠᠨ ᠦᠷ᠎ᠡ ᠪᠦᠲᠦᠮᠵᠢ | ᠢᠯᠡᠳᠲᠡ ᠪᠠᠶᠢᠵᠤ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠰᠠᠶᠢᠨ ᠪᠠᠶᠢᠬᠤ ᠶᠢ ᠦᠵᠡᠭᠡᠳ᠂ ᠸᠠᠩ ᠯᠢ ᠰᠢᠶᠠ | ᠲᠤᠬᠠᠢ ᠶᠢᠨ ᠭᠠᠵᠠᠷ ᠤᠨ ᠬᠢᠨ ᠢ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠲᠤᠷᠰᠢᠯᠲᠠ ᠶᠢᠨ ᠴᠡᠭ ᠤᠨ | ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ | ᠰᠠᠶᠢᠲᠤᠷ ᠨᠠᠶᠢᠳᠠᠪᠤᠷᠢᠵᠢᠭᠤᠯᠵᠤ᠂ ᠬᠠᠰᠢᠶᠠᠯᠠᠨ ᠲᠡᠵᠢᠭᠡᠵᠦ ᠠᠷᠠᠴᠢᠯᠠᠬᠤ ᠵᠠᠭᠪᠤᠷ ᠢ ᠳᠡᠯᠭᠡᠷᠡᠭᠦᠯᠵᠦ᠂ ᠡᠨᠡ ᠬᠦ ᠲᠠᠯ᠎ᠠ | ᠨᠤᠲᠤᠭ ᠢ ᠰᠠᠶᠢᠲᠤᠷ ᠰᠠᠬᠢᠨ ᠬᠠᠮᠠᠭᠠᠯᠠᠭᠠᠷᠠᠢ ᠭᠡᠵᠦ ᠵᠣᠷᠢᠭᠵᠢᠭᠤᠯᠪᠠ᠃ | ᠸᠠᠩ ᠯᠢ ᠰᠢᠶᠠ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠮᠠᠰᠢ ᠬᠠᠯᠠᠮᠵᠢᠯᠠᠵᠤ | ᠂ ᠵᠠᠮ ᠳᠠᠭᠠᠤ ᠦᠬᠡᠷᠲᠦ ᠶᠢᠨ ᠲᠣᠬᠤᠢ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ | ᠦᠬᠠᠢ ᠶᠢᠨ ᠫᠧᠷᠮᠢ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ | ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠣᠶᠣᠯ ᠤᠨ | ᠪᠠ ᠪᠠᠶᠢᠭᠠᠯᠢ ᠶᠢᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠭᠯᠠᠵᠤ᠂ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ ︽ᠬᠠᠩᠭᠠᠯᠭ᠎ᠠ ᠶᠢᠨ ᠲᠠᠯ᠎ᠠ︾ ᠶᠢᠨ ᠥᠭᠡᠷᠡᠴᠢᠯᠡᠯᠲᠡ ᠶᠢ ᠠᠬᠢᠭᠤᠯᠵᠤ᠂ ᠨᠡᠩ | ᠤᠯᠠᠨ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠪᠤᠢ ᠪᠤᠯᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠠᠶᠢᠴᠠᠭᠠᠨ ᠰᠤᠳᠤᠯᠤᠯᠲᠠ ᠬᠢᠬᠦ ᠵᠠᠮ ᠵᠠᠭᠤᠷ᠎ᠠ ᠸᠠᠩ ᠯᠢ ᠰᠢᠶᠠ ᠳᠠᠩᠰᠠ ᠲᠤᠰᠢᠶᠠᠵᠤ ᠰᠢᠯᠭᠠᠯᠲᠠ ᠶᠢᠨ ᠬᠠᠭᠤᠳᠠᠰᠤ | ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠠᠭ ᠮᠥᠴᠡ ᠲᠠᠢ ᠤᠷᠤᠯᠳᠤᠨ ︽ᠵᠢᠷᠭᠤᠭᠠᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ | ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠬᠢᠵᠦ᠂ ᠡᠯ᠎ᠡ ᠬᠦᠷᠢᠶᠡᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠬᠢᠵᠤ᠂ ᠪᠦᠭᠦ | ᠵᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠲᠡᠢ ᠭᠡᠵᠦ ᠲᠠᠭᠢᠨ ᠳᠠᠪᠲᠠᠨ ᠵᠠᠬᠢᠪᠠ᠃ |