10 ᠰᠠᠷ᠎ᠠ ᠶᠢᠨ 21 ᠤ ᠡᠳᠦᠷ᠂ ᠸᠠᠩ ᠯᠢ ᠰᠢᠶᠠ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ | ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠲᠤ ᠪᠠᠶᠢᠴᠠᠭᠠᠨ ᠰᠤᠳᠤᠯᠵᠤ᠂ ᠴᠢᠩᠬᠤᠸᠠ ᠶᠡᠭᠡ ᠰᠤᠷᠭᠠᠭᠤᠯᠢ᠂ ᠤᠮᠠᠷᠠᠲᠤ ᠶᠢᠨ ᠴᠠᠭᠢᠯᠭᠠᠨ ᠬᠦᠴᠦᠨ ᠤ | ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠲᠠᠢ ᠰᠠᠨᠠᠯ ᠢᠶᠠᠨ ᠰᠣᠯᠢᠯᠴᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠨ ᠢᠶᠠᠷ ᠠᠬᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | ᠸᠠᠩ ᠯᠢ ᠰᠢᠶᠠ᠂ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢ ᠰᠠᠶᠢᠲᠤᠷ ᠪᠠᠶᠢᠭᠤᠯᠬᠤ ᠨᠢ | ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠠᠳᠬᠤᠬᠤ ᠳᠤ ᠴᠢᠬᠤᠯᠠ ᠦᠢᠯᠡᠳᠦᠯ ᠦᠵᠡᠭᠦᠯᠭᠦ ᠶᠤᠮ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ ᠤᠯᠤᠰ ᠤᠨ ᠶᠡᠭᠡ ᠲᠠᠯ᠎ᠠ ᠳᠤ | ᠦᠢᠯᠡᠴᠢᠯᠡᠬᠦ ᠵᠣᠭᠰᠣᠴᠠ ᠠᠴᠠ ᠡᠭᠦᠰᠴᠦ᠂ ᠥᠪᠥᠷ ᠮᠣᠩᠭᠤᠯ ᠤᠨ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ | ᠬᠠᠷᠠᠭᠠᠯᠵᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ᠂ | ᠪᠠᠶᠢᠭᠤᠯᠤᠯ ᠢᠶᠠᠨ ᠲᠡᠭᠦᠯᠳᠡᠷᠵᠢᠭᠦᠯᠬᠦ ᠶᠢᠨ ᠳᠠᠭᠠᠤ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠬᠡᠷᠬᠢᠪᠡᠯ ᠰᠢᠨ᠎ᠡ ᠶᠢ | ᠡᠭᠦᠳᠬᠦ ᠳᠤ ᠠᠰᠢᠭᠲᠠᠢ ᠪᠣᠯ ᠲᠡᠭᠡᠵᠦ ᠬᠢᠵᠦ᠂ ᠪᠦᠭᠦ ᠣᠷᠣᠨ ᠤ ᠲᠤᠷᠰᠢᠯᠲᠠ ᠶᠢᠨ ᠲᠠᠰᠤᠭ ᠤᠨ ᠬᠥᠭᠵᠢᠯᠲᠡ ᠳᠤ ︽ | ᠦᠯᠢᠭᠡᠷ ᠳᠠᠭᠤᠷᠢᠶᠠᠯ︾ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠠᠵᠤ ᠦᠢᠯᠡᠰ ᠤᠨ ᠬᠥᠭᠵᠢᠯᠲᠡ ᠳᠠᠬᠢ ᠬᠠᠮᠤᠭ ᠤᠨ ᠪᠠᠴᠢᠮ ᠲᠤᠯᠭᠠᠮ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠲᠠᠪᠴᠠᠩ ᠤᠨ | ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ | ᠨᠡᠭᠡᠭᠡᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ ᠲᠦᠷᠭᠡᠨ | ᠰᠢᠢᠳᠪᠦᠷᠢᠯᠡᠵᠦ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠤᠷᠢᠨ ᠬᠥᠮᠥᠵᠢᠭᠦᠯᠵᠦ᠂ ᠤᠯᠤᠰ ᠤᠨ ᠡᠨᠧᠷᠭᠢ ᠴᠠᠭᠢᠯᠭᠠᠨ ᠬᠦᠴᠦᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠥᠭᠡᠷᠡᠴᠢᠯᠡᠯᠲᠡ ᠶᠢᠨ ᠠᠷᠭ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠶᠢ ᠠᠬᠢᠭᠤᠯᠵᠤ᠂ ᠲᠤᠰᠬᠠᠢ ᠮᠡᠷᠭᠡᠵᠢᠯᠲᠡᠨ ᠤ ᠰᠠᠨᠠᠯ ᠢ ᠢᠯᠡᠭᠦᠬᠡᠨ ᠰᠣᠨᠣᠰᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠡᠷᠡᠭᠴᠡᠭᠡ ᠶᠢ ᠢᠯᠡᠭᠦᠬᠡᠨ ᠪᠣᠳᠣᠯᠬᠢᠯᠠᠵᠤ᠂ ᠡᠯ᠎ᠡ ᠭᠠᠵᠠᠷ ᠤᠨ ᠲᠤᠷᠰᠢᠯᠭ᠎ᠠ ᠶᠢ ᠢᠯᠡᠭᠦᠬᠡᠨ ᠲᠣᠯᠢᠳᠠᠵᠤ᠂ ᠦᠷ᠎ᠡ ᠪᠦᠲᠦᠭᠡᠯ ᠢ | ᠣᠨᠳᠣᠣᠰᠢᠭᠤᠯᠬᠤ᠂ ᠴᠢᠳᠠᠪᠤᠷᠢᠲᠠᠨ ᠢ ᠤᠷᠢᠵᠤ ᠴᠢᠳᠠᠪᠤᠷᠢᠲᠠᠨ ᠢ ᠦᠯᠡᠳᠡᠭᠡᠬᠦ ᠵᠡᠷᠭᠡ ᠪᠠᠶᠢᠭᠤᠯᠤᠯ ᠲᠣᠭᠲᠠᠴᠠ ᠶᠢ | ᠥᠭᠡᠷᠡᠴᠢᠯᠡᠵᠦ᠂ ᠠᠯᠢ ᠰᠠᠯᠠᠭ᠎ᠠ ᠮᠥᠴᠢᠷ ᠴᠦ ᠭᠡᠳ ︽ᠤᠴᠢᠷ ᠶᠠᠪᠤᠳᠠᠯ ᠢ ᠪᠦᠲᠦᠭᠡᠬᠦ︾ ᠵᠠᠷᠴᠢᠮ ᠢᠶᠠᠷ ᠬᠠᠭᠤᠴᠢᠨ ᠬᠡᠪ | ᠵᠤᠷᠰᠢᠯ ᠢ ᠡᠪᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠬᠠᠨᠤᠮᠵᠢᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠤᠯᠭᠠᠵᠤ ᠥᠭᠬᠦ ᠬᠡᠷᠡᠭᠲᠡᠢ ᠭᠡᠵᠦ ᠬᠡᠯᠡᠪᠡ᠃ | ᠸᠠᠩ ᠯᠢ ᠰᠢᠶᠠ ᠭᠦᠷᠦᠭᠰᠡᠨ ᠭᠠᠵᠠᠷ ᠪᠣᠯᠭᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ ᠠᠵᠢᠯᠯᠠᠬᠤ | ᠣᠷᠴᠢᠨ ᠨᠥᠬᠦᠴᠡᠯ ᠬᠢᠷᠢ ᠵᠡᠷᠭᠡ᠂ ᠠᠮᠢᠳᠤᠷᠠᠯ ᠤᠨ ᠨᠥᠬᠦᠴᠡᠯ ᠰᠠᠶᠢᠨ ᠡᠰᠡᠬᠦ ᠶᠢ ᠨᠠᠷᠢᠯᠢᠭ ᠠᠰᠠᠭᠤᠪᠠ᠃ ᠲᠡᠷᠡ | ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ | ᠬᠡᠷᠡᠭᠴᠡᠭᠡ ᠪᠦᠭᠦᠨ ᠢ ᠴᠥᠮ ᠪᠦᠭᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠲᠡᠳᠡᠨ ᠢ ᠰᠡᠳᠬᠢᠯ ᠰᠢᠭᠤᠳᠤᠨ | ᠰᠤᠳᠤᠯᠭᠠᠨ ᠳᠤ ᠣᠷᠣᠯᠴᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠴᠢᠯᠦᠭᠡᠲᠡᠢ ᠰᠦᠪᠡᠭᠴᠢᠯᠡᠭᠦᠯᠬᠦ ᠬᠡᠷᠡᠭᠲᠡᠢ ᠭᠡᠵᠦ | ᠵᠠᠬᠢᠪᠠ᠃ ᠲᠡᠷᠡ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠢᠮᠳᠠᠨ ᠰᠤᠳᠤᠯᠵᠤ᠂ ᠲᠦᠷᠭᠡᠨ ᠦᠷ᠎ᠡ ᠪᠦᠲᠦᠭᠡᠯ ᠭᠠᠷᠭᠠᠵᠤ᠂ ᠤᠯᠠᠨ | ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ | ᠰᠦᠨ ᠵᠢᠶᠦ᠋ᠨ ᠴᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |