ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠥᠭᠦᠯᠡᠯᠲᠡ ᠶᠢᠨ | ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ | ᠪᠦᠭᠦ ᠤᠯᠤᠰ ᠲᠤ ᠲᠠᠷᠬᠠᠭᠠᠪᠠ᠃ | ᠡᠬᠡ ᠪᠠᠶᠢᠭᠠᠯᠢ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ ᠶᠢᠨ ᠦᠨᠳᠦᠰᠦᠨ ᠨᠥᠬᠦᠴᠡᠯ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ | ᠲᠥᠪ ᠬᠤᠷᠢᠶ᠎ᠠ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ | ᠰᠦᠪᠡᠭᠴᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠡᠬᠢ ᠪᠠᠶᠠᠯᠢᠭ | ᠣᠷᠴᠢᠨ ᠲᠣᠭᠤᠷᠢᠨ ᠤ ᠳᠠᠭᠠᠭᠠᠴᠠ ᠪᠠᠷ ᠤᠷᠢᠲᠠᠯ ᠪᠠ ᠰᠠᠭᠤᠷᠢ ᠪᠤᠯᠭᠠᠬᠤ ᠶᠢ ᠪᠠᠷᠢᠮᠲᠠᠯᠠᠵᠤ᠂ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠭᠤᠯᠠ ᠤᠰᠤ | ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠠᠶᠢᠭᠤᠯᠵᠤ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠪᠦᠷᠢᠯᠳᠦᠬᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠥᠷᠭᠡᠨ ᠠᠭᠤᠳᠠᠮ ᠠᠯᠤᠰ ᠢᠷᠡᠭᠡᠳᠦᠢ ᠶᠢ | ᠨᠡᠭᠡᠭᠡᠪᠡ᠃ ᠰᠢ ᠶᠢᠨ ᠫᠢᠩ ᠨᠥᠬᠦᠷ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠣᠭᠤᠷᠢᠨ ᠳᠤ ᠨᠡᠶᠢᠲᠡᠯᠡᠭᠰᠡᠨ | ᠠᠯᠢ ᠣᠯᠠᠨ ᠴᠢᠬᠤᠯᠠ ᠥᠭᠦᠯᠡᠯᠲᠡ ᠨᠢ ᠤᠳᠬ᠎ᠠ ᠰᠠᠨᠠᠭ᠎ᠠ ᠠᠯᠤᠰ ᠭᠡᠲᠦ ᠶᠢᠨ᠂ ᠠᠭᠤᠯᠤᠭᠳᠠᠬᠤᠨ ᠡᠯᠪᠡᠭ ᠪᠠᠶᠠᠯᠢᠭ᠂ | ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠤ ᠠᠬᠤᠢ ᠨᠡᠶᠢᠭᠡᠮ ᠤᠨ | ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢᠨ ᠬᠠᠷᠢᠯᠴᠠᠨ | ᠵᠣᠬᠢᠴᠠᠯᠳᠤᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠳᠦᠷᠢᠮ | ᠪᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ | ᠲᠦᠪᠰᠢᠨ ᠢᠶᠠᠷ ᠬᠠᠮᠠᠭᠠᠯᠠᠨ ᠲᠤᠯᠭᠠᠭᠤᠷᠢᠯᠠᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ | ᠶᠤᠮ᠃ | ︽ᠥᠭᠦᠯᠡᠯᠲᠡ ᠶᠢᠨ ᠲᠡᠭᠦᠪᠦᠷᠢ︾ ᠨᠢ 8 ᠲᠤᠰᠬᠠᠢ ᠰᠡᠳᠦᠪ ᠬᠤᠪᠢᠶᠠᠵᠤ᠂ ᠨᠡᠶᠢᠳᠡ 286 ᠬᠡᠰᠡᠭ ᠥᠭᠦᠯᠡᠯᠲᠡ ᠪᠠᠷ | ᠪᠦᠷᠢᠯᠳᠦᠵᠦ᠂ ᠰᠢ ᠶᠢᠨ ᠫᠢᠩ ᠨᠥᠬᠦᠷ ᠤᠨ 2012 ᠣᠨ ᠤ 12 ᠰᠠᠷ᠎ᠠ ᠠᠴᠠ 2024 ᠣᠨ ᠤ 10 ᠰᠠᠷ᠎ᠠ ᠪᠤᠯᠲᠠᠯᠠᠭᠢ | ᠬᠤᠭᠤᠴᠠᠭᠠᠨ ᠤ ᠮᠡᠳᠡᠭᠦᠯᠦᠯᠲᠡ᠂ ᠶᠠᠷᠢᠶ᠎ᠠ᠂ ᠲᠣᠳᠣᠷᠬᠠᠶᠢᠯᠠᠯᠲᠠ᠂ ᠪᠠᠶᠠᠷ ᠤᠨ ᠵᠠᠬᠢᠳᠠᠯ᠂ ᠵᠢᠭᠠᠪᠤᠷᠢ ᠵᠡᠷᠭᠡ 150 ᠭᠠᠷᠤᠢ | ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ | ᠢᠯᠡ ᠪᠠᠷ ᠨᠡᠶᠢᠲᠡᠯᠡᠵᠦ ᠪᠠᠶᠢᠨ᠎ᠠ᠃ |