ᠥᠷᠢᠰᠦᠯᠳᠦᠭᠡᠨ ᠰᠢᠷᠦᠭᠦᠰᠬᠦ ᠲᠤᠲᠤᠮ ᠢᠶᠠᠨ ᠨᠢᠭᠡ ᠯᠠ ᠠᠮᠢᠰᠬᠤᠭ᠎ᠠ ᠪᠠᠷ ᠠᠯᠬᠤᠭ᠎ᠠ ᠪᠠᠨ ᠲᠡᠭᠰᠢᠯᠡᠨ ᠭᠤᠤ ᠭᠠᠩᠭ᠎ᠠ ᠶᠢ | ᠳᠠᠪᠠᠵᠤ᠂ ᠵᠦᠪᠳᠦᠭᠡᠭᠰᠡᠨ ᠵᠦᠢᠯᠡᠰ ᠢᠶᠠᠨ ᠱᠠᠯᠠᠪᠳᠠᠨ ᠬᠢᠬᠦ ᠬᠡᠷᠡᠭᠲᠡᠢ᠃ | ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠤᠨ ᠬᠤᠭᠤᠴᠠᠭᠠᠨ ᠤ ᠵᠣᠬᠢᠴᠠᠭᠤᠯᠭ᠎ᠠ ᠶᠢ ᠴᠢᠩᠭᠠᠳᠬᠠᠵᠤ᠂ ᠳᠣᠲᠣᠭᠠᠳᠤ | ᠬᠡᠷᠡᠭᠴᠡᠭᠡ ᠶᠢᠨ ᠨᠡᠮᠡᠭᠳᠡᠯ ᠢ ᠥᠷᠭᠡᠳᠬᠡᠬᠦ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠲᠠᠯᠪᠢᠵᠤ᠂ ᠠᠵᠤ ᠠᠬᠤᠶᠢᠯᠠᠯ ᠢ ᠬᠠᠪᠰᠤᠷᠤᠨ | ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ ᠪᠠᠶᠢᠰᠢᠩ | ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ᠂ ᠬᠦᠷᠦᠩᠭᠡ ᠶᠢᠨ ᠵᠠᠬ᠎ᠠ ᠳᠡᠯᠭᠡᠭᠦᠷ ᠢ | ᠤᠷᠮᠠᠰᠢᠭᠤᠯᠤᠨ ᠬᠥᠭᠵᠢᠭᠡᠬᠦ ᠶᠢ ᠠᠬᠢᠭᠤᠯᠤᠨ᠎ᠠ ᠁ ᠨᠡᠮᠡᠭᠳᠡᠯ ᠤᠨ ᠠᠯᠢ ᠣᠯᠠᠨ ᠲᠥᠷᠥ ᠶᠢᠨ ᠪᠣᠳᠣᠯᠭ᠎ᠠ ᠨᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠲᠠᠢ ᠶᠤᠮ᠃ | ︽ᠬᠤᠶᠠᠷ ᠴᠢᠬᠤᠯᠠ︾᠂ ︽ᠬᠤᠶᠠᠷ ᠰᠢᠨ᠎ᠡ︾ ᠶᠢ ᠲᠦᠷᠭᠡᠳᠬᠡᠨ ᠠᠬᠢᠭᠤᠯᠵᠤ᠂ ᠣᠷᠣᠨ ᠨᠣᠲᠣᠭᠴᠢᠯᠠᠭᠰᠠᠨ ᠥᠷᠢ | ᠥᠭᠴᠡᠭᠡ ᠶᠢ ᠠᠷᠢᠯᠭᠠᠬᠤ ᠡᠬᠢ ᠪᠠᠶᠠᠯᠢᠭ ᠢ 10 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠥᠷᠢ ᠥᠭᠴᠡᠭᠡ ᠶᠢ | ᠠᠷᠢᠯᠭᠠᠬᠤ ︽ᠬᠠᠮ ᠠᠷᠭ᠎ᠠ︾ ᠶᠢ ᠪᠤᠢ ᠪᠣᠯᠭᠠᠵᠤ᠂ ᠣᠷᠣᠨ ᠨᠤᠲᠤᠭ ᠤᠨ ᠬᠥᠭᠵᠢᠯᠲᠡ ᠶᠢᠨ ᠳᠠᠷᠤᠭᠠᠰᠤ ᠶᠢ ᠬᠦᠩᠭᠡᠷᠡᠭᠦᠯᠵᠦ᠂ | ᠬᠥᠳᠡᠯᠭᠡᠭᠴᠢ ᠬᠦᠴᠦᠨ ᠢ ᠨᠡᠮᠡᠭᠳᠡᠭᠦᠯᠵᠦ᠂ 1 ᠲᠦᠮᠡᠨ ᠳ᠋ᠦᠩᠰᠢᠭᠤᠷ ᠲᠥᠭᠦᠷᠢᠭ ᠤᠨ ᠤᠷᠲᠤ ᠬᠤᠭᠤᠴᠠᠭᠠᠨ ᠤ | ᠣᠨᠴᠠᠭᠠᠶᠢᠯᠠᠨ ᠬᠡᠷᠡᠭᠵᠢᠭᠦᠯᠬᠦ ᠤᠯᠤᠰ ᠤᠨ ᠵᠢᠭᠡᠯᠡᠯᠭᠡ ᠶᠢ ᠴᠥᠮ ᠲᠥᠷᠥᠯ ᠵᠦᠢᠯ ᠪᠠ ᠣᠷᠣᠨ ᠨᠤᠲᠤᠭ ᠲᠤ ᠪᠠᠭᠤᠯᠭᠠᠨ᠂ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ | ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ ᠁ ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ ᠣᠳᠣᠬᠠᠨ ᠤ | ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ ᠪᠠᠶᠢᠬᠤ ᠪᠠᠷ ᠪᠠᠷᠠᠬᠤ ᠦᠭᠡᠢ ᠪᠠᠰᠠ ᠮᠠᠨ ᠤ | ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠣᠳᠣᠯᠬᠢᠯᠠᠵᠤ᠂ | ᠯᠣᠭᠢᠭ ᠴᠢᠨᠠᠷ ᠢ ᠨᠡᠩ ᠲᠤᠪᠤᠶᠢᠯᠭᠠᠪᠠ᠃ | ᠡᠳ᠋ ᠤᠨ ᠵᠠᠰᠠᠭ ᠭᠠᠶᠢᠯᠢ ᠲᠠᠲᠠᠪᠤᠷᠢ᠂ ᠵᠣᠭᠤᠰ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠬᠡᠷᠡᠭᠯᠡᠭᠡ᠂ ᠣᠷᠣᠯᠭ᠎ᠠ ᠶᠢᠨ | ᠬᠤᠪᠢᠶᠠᠷᠢᠯᠠᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠ ᠰᠢᠰᠲ᠋ᠧᠮ ᠲᠠᠢ | ᠲᠥᠪᠯᠡᠷᠡᠭᠦᠯᠬᠦ ᠶᠢ ᠴᠢᠩᠭᠠᠳᠬᠠᠵᠤ᠂ ᠨᠢᠭᠡᠳᠦᠯᠲᠦ ᠴᠢᠨᠠᠷᠲᠠᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠰᠠᠶᠢᠲᠤᠷ | ᠬᠡᠷᠡᠭᠯᠡᠵᠦ᠂ ᠡᠨᠡ ᠵᠢᠯ ᠪᠠ ᠢᠷᠡᠬᠦ ᠵᠢᠯ ᠤᠨ ᠲᠦᠷᠦ ᠶᠢᠨ ᠪᠤᠳᠤᠯᠭ᠎ᠠ ᠶᠢ ᠵᠣᠯᠭᠠᠭᠤᠯᠬᠤ᠂ ᠠᠵᠢᠯ ᠢ ᠵᠣᠯᠭᠠᠭᠤᠯᠬᠤ ᠶᠢ | ᠨᠢᠭᠡᠳᠦᠯᠲᠡᠢ ᠲᠦᠯᠦᠪᠯᠡᠨ᠎ᠡ ᠁ ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ ᠰᠢᠰᠲ᠋ᠧᠮ ᠲᠠᠢ ᠪᠠᠷ ᠠᠷᠭ᠎ᠠ ᠪᠤᠳᠤᠯᠭ᠎ᠠ | ᠬᠡᠷᠡᠭᠵᠢᠭᠦᠯᠬᠦ᠂ ᠤᠷᠳᠤ ᠪᠠ ᠣᠬᠤᠷ ᠬᠤᠭᠤᠴᠠᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠴᠢᠨᠠᠷ ᠢ ᠭᠦᠢᠴᠡᠳ | ᠢᠯᠡᠷᠡᠭᠦᠯᠪᠡ᠃ | ᠪᠦᠬᠦ ᠤᠯᠤᠰ ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠤᠭᠤᠳᠤᠮᠵᠢ ᠶᠢ ᠲᠦᠷᠭᠡᠳᠬᠡᠨ | ᠲᠣᠭᠲᠠᠭᠠᠵᠤ᠂ ᠭᠠᠳᠠᠭᠠᠳᠤ ᠪᠡᠯᠡ ᠶᠢᠨ ᠣᠷᠤᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠨᠡᠶᠢᠲᠡᠯᠡᠵᠦ᠂ | ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠤᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ | ᠵᠠᠰᠠᠪᠤᠷᠢ ᠣᠷᠤᠭᠤᠯᠤᠨ ᠦᠷᠭᠡᠳᠬᠡᠨ᠎ᠡ ᠁ ᠦᠭᠡᠷᠡᠴᠢᠯᠡᠯᠲᠡ ᠶᠢᠨ ᠠᠯᠢ ᠣᠯᠠᠨ ᠠᠷᠭ᠎ᠠ ᠬᠡᠮᠵᠢᠶ᠎ᠡ ᠶᠢ ᠲᠦᠷᠭᠡᠪᠴᠢᠯᠡᠨ | ᠭᠠᠷᠭᠠᠵᠤ᠂ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ | 9 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠬᠡᠷᠡᠭᠯᠡᠭᠡ᠂ ᠵᠢᠱᠢᠯᠲᠡ ᠵᠡᠷᠭᠡ ᠭᠦᠢᠴᠡᠳᠬᠡᠯ | ᠲᠤᠭ᠎ᠠ ᠰᠠᠶᠢᠵᠢᠷᠠᠵᠤ᠂ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ | ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠳᠡᠭᠡᠷ᠎ᠡ ᠰᠠᠷ᠎ᠠ ᠶᠢᠨ ᠬᠢ ᠠᠴᠠ 0.9 ᠵᠠᠭᠤᠨ ᠤ ᠴᠡᠭ ᠢᠶᠠᠷ | ᠲᠦᠷᠭᠡᠰᠪᠡ︔ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ 5.1% ᠪᠠᠷ ᠨᠡᠮᠡᠭᠳᠡᠵᠦ᠂ ᠳᠡᠭᠡᠷ᠎ᠡ | ᠰᠠᠷ᠎ᠠ ᠶᠢᠨ ᠬᠢ ᠠᠴᠠ 0.5 ᠵᠠᠭᠤᠨ ᠤ ᠴᠡᠭ ᠢᠶᠠᠷ ᠲᠦᠷᠭᠡᠰᠪᠡ ᠁ | 10 ᠳ᠋ᠤᠭᠠᠷ ᠰᠠᠷ᠎ᠠ ᠳᠤ᠂ ᠦᠢᠯᠡᠳᠬᠡᠯ ᠤᠨ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ ᠲᠤᠭ᠎ᠠ ᠨᠢ 50. | 1 % ᠪᠠᠶᠢᠵᠤ᠂ ᠬᠤᠶᠠᠷ ᠰᠠᠷ᠎ᠠ ᠳᠠᠷᠠᠭᠠᠯᠠᠨ ᠬᠠᠷᠢᠴᠠᠭᠤᠯᠤᠭᠰᠠᠨ ᠵᠢᠭᠠᠯᠲᠠ ᠲᠣᠭᠠᠨ ᠤ ᠬᠢ ᠠᠴᠠ ᠪᠠᠨ ᠳᠡᠭᠡᠭᠰᠢᠯᠡᠵᠦ᠂ 5 | ᠰᠠᠷ᠎ᠠ ᠠᠴᠠ ᠨᠠᠭᠠᠰᠢ ᠠᠩᠬ᠎ᠠ ᠤᠳᠠᠭ᠎ᠠ ᠥᠷᠭᠡᠳᠬᠡᠯ ᠤᠨ ᠣᠷᠣᠨ ᠳᠤ ᠬᠦᠷᠴᠡᠶ︔ ᠦᠢᠯᠡᠳᠬᠡᠯ ᠤᠨ ᠪᠤᠰᠤ ᠦᠢᠯᠡᠰ ᠤᠨ | ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ ᠲᠤᠭ᠎ᠠ ᠨᠢ 50.2 % ᠪᠠᠶᠢᠵᠤ᠂ ᠬᠠᠷᠢᠴᠠᠭᠤᠯᠤᠭᠰᠠᠨ | ᠵᠢᠭᠠᠯᠲᠠ ᠲᠣᠭᠠᠨ ᠤ ᠬᠢ ᠠᠴᠠ 0.2 ᠵᠠᠭᠤᠨ ᠤ ᠴᠡᠭ ᠢᠶᠠᠷ ᠳᠡᠭᠡᠭᠰᠢᠯᠡᠵᠡᠶ ᠁ | 10 ᠳ᠋ᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ | ᠬᠥᠭᠵᠢᠶᠡᠨᠲᠡᠶ ᠪᠣᠯᠵᠣ᠂ ᠣᠯᠠᠨ ᠭᠦᠢᠴᠡᠳᠭᠡᠯ ᠲᠤᠭ᠎ᠠ ᠨᠢ ᠨᠡᠯᠢᠶᠡᠳ ᠣᠷᠳᠣ ᠬᠤᠭᠤᠴᠠᠭᠠᠨ ᠳᠤ ᠠᠳᠠᠯᠢ | ᠬᠤᠭᠤᠴᠠᠭᠠᠨ ᠤ ᠬᠢ ᠠᠴᠠ ᠪᠠᠭᠤᠷᠠᠵᠤ ᠪᠠᠶᠢᠭᠰᠠᠨ ᠠᠴᠠ ᠪᠠᠨ ᠡᠶᠡᠷᠭᠦ ᠨᠡᠮᠡᠭᠳᠡᠯ ᠢᠯᠡᠷᠡᠪᠡ᠃ ᠡᠭᠦᠨ ᠳᠤ᠂ ᠨᠢᠭᠡᠳᠦᠭᠡᠷ | ᠵᠡᠷᠭᠡ ᠶᠢᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ᠂ ᠭᠠᠷ ᠳᠠᠮᠵᠢᠭᠰᠠᠨ ᠣᠷᠣᠨ | ᠰᠠᠭᠤᠴᠠ ᠶᠢᠨ ᠰᠦᠯᠵᠢᠶ᠎ᠡ ᠪᠠᠷ ᠳᠡᠭᠡᠷ᠎ᠡ ᠭᠡᠷ᠎ᠡ ᠲᠣᠭᠲᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ | 14.1%᠂ 47.3% ᠪᠠᠷ ᠨᠡᠮᠡᠭᠳᠡᠵᠦ᠂ ᠪᠤᠰᠤᠳ ᠮᠠᠰᠢ ᠣᠯᠠᠨ ᠬᠤᠲᠠ ᠶᠢᠨ ᠲᠠᠸᠠᠷ ᠤᠨ ᠬᠡᠷ ᠪᠠᠶᠢᠰᠢᠩ ᠤᠨ | ᠰᠦᠯᠵᠢᠶ᠎ᠡ ᠪᠠᠷ ᠭᠡᠷ᠎ᠡ ᠲᠣᠭᠲᠠᠭᠰᠠᠨ ᠬᠡᠮᠵᠢᠶ᠎ᠡ ᠨᠢ ᠴᠦ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ᠃ 2007 ᠣᠨ ᠠᠴᠠ | ᠨᠠᠭᠠᠰᠢ᠂ ᠠᠷᠪᠠᠳᠤᠭᠠᠷ ᠰᠠᠷ᠎ᠠ ᠳᠠᠬᠢ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ ᠶᠢᠰᠦᠳᠦᠭᠡᠷ ᠰᠠᠷ᠎ᠠ ᠶᠢᠨ ᠬᠢ ᠠᠴᠠ ᠳᠠᠪᠠᠵᠠᠶ᠃ | | ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠤᠷ᠎ᠠ᠂ ᠵᠠᠬ᠎ᠠ ᠳᠡᠯᠭᠡᠭᠦᠷ ᠤᠨ ᠬᠥᠭᠵᠢᠶᠡᠨᠲᠦ ᠬᠡᠮᠵᠢᠶ᠎ᠡ | ᠲᠦᠷᠭᠡᠨ ᠳᠡᠭᠡᠭᠰᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠢᠱᠢᠯᠲᠡ ᠨᠡᠯᠢᠶᠡᠳ ᠲᠦᠷᠭᠡᠨ ᠰᠠᠶᠢᠵᠢᠷᠠᠵᠤ᠂ | ᠳᠣᠲᠣᠭᠠᠳᠤ ᠬᠡᠷᠡᠭᠴᠡᠭᠡ ᠶᠢᠨ ᠨᠢᠭᠤᠭᠳᠠᠮᠠᠯ ᠬᠦᠴᠦᠨ ᠢ ᠪᠦᠲᠦᠮᠵᠢᠲᠡᠶ ᠬᠥᠭᠵᠢᠭᠡᠵᠦ᠂ ᠠᠵᠤ ᠦᠢᠯᠡᠳᠪᠦᠷᠢ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠰᠪᠡ᠃ | ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠢᠲᠡᠭᠡᠯ ᠵᠣᠷᠢᠭ ᠢ ᠪᠠᠲᠤᠳᠬᠠᠵᠤ᠂ ᠨᠡᠮᠡᠭᠳᠡᠯ ᠢ | ᠠᠬᠢᠭᠤᠯᠬᠤ ᠦᠷ᠎ᠡ ᠪᠦᠲᠦᠮᠵᠢ ᠨᠢ ᠦᠷᠭᠦᠯᠵᠢᠯᠡᠨ ᠢᠯᠡᠷᠬᠡᠶ ᠪᠣᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠪᠤᠰᠢᠭᠤ | ᠲᠦᠷᠭᠡᠨ ᠲᠤᠰᠬᠠᠯ ᠭᠠᠷᠴᠤ᠂ ᠰᠲ᠋ᠣᠺ᠂ ᠠᠪᠴᠠᠭ᠎ᠠ ᠵᠡᠷᠭᠡ ᠵᠠᠬ᠎ᠠ ᠳᠡᠯᠭᠡᠭᠦᠷ ᠤᠨ ᠲᠤᠰᠬᠠᠯ ᠴᠥᠮ ᠨᠡᠯᠢᠶᠡᠳ ᠢᠳᠡᠪᠬᠢᠲᠡᠶ | ᠪᠥᠭᠡᠳ ᠵᠥᠪ ᠲᠠᠯ᠎ᠠ ᠶᠢᠨ ᠲᠡᠶᠢᠰᠢ ᠬᠦᠭᠵᠢᠵᠦ ᠪᠠᠶᠢᠨ᠎ᠠ᠃ | ᠳᠤᠮᠳᠠᠳᠤ ᠤᠯᠤᠰ ᠤᠨ ᠠᠵᠤ ᠠᠬᠤᠢ ᠶᠠᠭ ᠳᠠᠪᠠᠭ᠎ᠠ ᠳᠠᠪᠠᠭ᠋ᠤ ᠦᠶ᠎ᠡ ᠳᠤ ᠣᠷᠤᠰᠢᠵᠤ ᠪᠤᠢ᠂ ᠬᠦᠴᠦ ᠲᠠᠮᠢᠷ ᠬᠡᠷᠡᠭᠯᠡᠬᠦ | ᠦᠶ᠎ᠡ ᠳᠤ ᠨᠡᠩ ᠯᠠᠪᠳᠠᠭᠤᠨ ᠪᠠᠶᠢᠬᠤ ᠬᠡᠷᠡᠭᠲᠡᠢ᠃ ︽ᠭᠠᠯᠵᠠᠭᠤ ᠦᠬᠡᠷ︾ ᠪᠣᠯᠵᠤ ᠪᠣᠯᠬᠤ ᠦᠭᠡᠢ᠂ ︽ᠬᠠᠱᠠᠩ ᠦᠬᠡᠷ︾ ᠪᠣᠯᠪᠠᠯ | ᠵᠣᠬᠢᠨ᠎ᠠ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠴᠢᠭᠯᠡᠭᠦᠯᠦᠯᠲᠡ ᠴᠢᠨᠠᠷ᠂ ᠪᠦᠲᠦᠮᠵᠢᠲᠦ ᠴᠢᠨᠠᠷ ᠢ ᠴᠢᠨᠠᠭᠰᠢᠲᠠ | ᠳᠡᠭᠡᠭᠰᠢᠯᠡᠭᠦᠯᠪᠡᠯ᠂ ᠳᠤᠮᠳᠠᠳᠤ ᠶᠢᠨ ᠡᠳ᠋ ᠤᠨ ᠵᠠᠰᠠᠭ ᠯᠠᠪᠳᠠᠭᠤᠨ ᠪᠠᠲᠤᠲᠠᠢ ᠣᠷᠤᠭᠰᠢᠯᠠᠵᠤ᠂ ᠠᠯᠤᠰ ᠢ ᠵᠣᠷᠢᠵᠤ ᠴᠢᠳᠠᠨ᠎ᠠ᠃ | ︽ᠵᠠᠮ ᠢ ᠵᠢᠷᠤᠮᠯᠠᠨ ᠶᠠᠪᠤᠬᠤ ᠳᠤ ᠪᠠᠨ ᠲᠠᠭᠠᠷᠠᠨ᠎ᠠ᠂ ᠬᠠᠭᠠᠰ ᠵᠠᠮ ᠬᠦᠷᠦᠭᠰᠡᠨ ᠴᠦ ᠦᠷᠭᠦᠯᠵᠢᠯᠡᠨ ᠴᠢᠷᠮᠠᠶᠢᠬᠤ ᠬᠡᠷᠡᠭᠲᠡᠢ︾᠃ | | ᠠᠵᠢᠯᠯᠠᠬᠤ ᠶᠢ ᠲᠡᠷᠢᠭᠦᠨ ᠳᠤ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ᠃ | ᠳᠤᠮᠳᠠᠳᠤ ᠤᠯᠤᠰ ᠤᠨ ᠠᠵᠤ ᠠᠬᠤᠢ ᠶᠡᠷᠦ ᠠᠴᠠ ᠥᠷᠢᠰᠥᠯᠳᠦᠭᠡᠨ ᠢ ᠢᠯᠠᠨ ᠳᠠᠪᠠᠭ᠋ᠤ ᠳᠤᠮᠳᠠ ᠬᠥᠭᠵᠢᠵᠦ᠂ ᠰᠠᠯᠬᠢ | ᠪᠣᠷᠣᠭᠠᠨ ᠤ ᠳᠤᠮᠳᠠ ᠦᠰᠦᠨ ᠪᠤᠶᠢᠵᠢᠵᠤ᠂ ᠰᠢᠯᠭᠠᠯᠲᠠ ᠶᠢ ᠥᠩᠭᠡᠷᠡᠭᠡᠬᠦ ᠳᠤᠮᠳᠠ ᠪᠤᠵᠠᠭᠠᠶᠢᠷᠠᠭᠰᠠᠭᠠᠷ ᠢᠷᠡᠵᠡᠶ᠃ | ᠵᠠᠩᠭᠢᠯᠠᠭ᠎ᠠ ᠶᠢᠨ ᠴᠠᠭ ᠦᠶ᠎ᠡ᠂ ᠵᠠᠩᠭᠢᠯᠠᠭ᠎ᠠ ᠶᠢᠨ ᠨᠢᠭᠡ ᠵᠢᠯ ᠳᠤ᠂ ᠣᠩᠭᠤᠴᠠ ᠰᠡᠯᠢᠭᠰᠡᠭᠡᠷ ᠭᠤᠣᠯ ᠤᠷᠤᠰᠬᠠᠯ ᠳᠤ ᠬᠦᠷᠴᠦ᠂ | ᠬᠥᠮᠦᠰ ᠠᠭᠤᠯᠠ ᠮᠠᠴᠣᠭᠰᠠᠭᠠᠷ ᠬᠠᠭᠠᠰ ᠵᠠᠮ ᠳᠤ ᠪᠠᠨ ᠬᠦᠷᠬᠦ ᠳᠤ᠂ ᠨᠡᠩ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠬᠤ ᠴᠢᠬᠤᠯᠠᠲᠠᠢ ᠲᠠᠢ | ᠶᠤᠮ᠃ ᠰᠠᠯᠬᠢ ᠪᠤᠷᠤᠭᠠᠨ ᠤ ᠳᠤᠮᠳᠠ ᠰᠠᠭᠠᠳ ᠦᠭᠡᠢ ᠤᠷᠤᠭᠰᠢᠯᠠᠵᠤ᠂ ᠶᠠᠮᠠᠷᠪᠠ ᠬᠦᠴᠢᠷ ᠪᠡᠷᠬᠡᠰᠢᠶᠡᠯ ᠭᠡᠳ ᠳᠤᠮᠳᠠᠳᠤ | ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃ | ︽ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡ ᠬᠦ ᠢᠳᠡ ᠬᠦᠴᠦᠨ ᠪᠠ | ᠢᠲᠡᠭᠡᠯ ᠵᠣᠷᠢᠭ ᠲᠠᠢ︾᠃ |