ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠶᠡᠷᠦᠩᠬᠡᠶᠢᠯᠡᠭᠰᠡᠨ ᠵᠠᠳᠠᠯᠤᠯᠲᠠ ᠬᠢᠪᠡ
ᠨᠡᠶᠢᠲᠡᠯᠡᠭᠰᠡᠨ ᠴᠠᠭ᠄
2024/11/18
ᠪᠠᠭᠠᠷᠢᠨ ᠵᠡᠭᠦᠨ ᠬᠤᠰᠢᠭᠤᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢᠨ ᠰᠢᠰᠲ᠋ᠧᠮ ᠤᠨ ᠲᠤᠭ᠎ᠠ ᠪᠠᠷᠢᠮᠲᠠ ᠠᠴᠠ ᠦᠵᠡᠪᠡᠯ᠂ 2023 ᠣᠨ ᠤ 12 ᠰᠠᠷ᠎ᠠ ᠳᠤ ᠪᠥᠬᠦ ᠬᠤᠰᠢᠭᠤᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠰᠠᠶᠢᠨ ᠪᠠᠶᠢᠨ᠎ᠠ᠃ ᠡᠭᠦᠨ ᠤ ᠳᠣᠲᠣᠷ᠎ᠠ ᠮᠢᠬᠠᠨ ᠤ ᠵᠦᠢᠯ ᠪᠣᠯᠤᠨ ᠢᠳᠡᠰᠢᠨ ᠨᠣᠭᠤᠭ᠎ᠠ ᠶᠢᠨ ᠦᠨ᠎ᠡ ᠨᠢ ᠲᠦᠷᠦᠭᠦᠦ ᠨᠢᠭᠡ ᠰᠠᠷ᠎ᠠ ᠲᠠᠢ ᠬᠠᠷᠢᠴᠠᠭᠤᠯᠪᠠᠯ ︵ᠳᠣᠤᠷ᠎ᠠ ᠨᠢ ᠭᠠᠷᠠᠬᠠᠨ ᠬᠠᠷᠢᠴᠠᠯ︶ ᠥᠰᠴᠦ᠂ ᠵᠢᠭᠦᠷᠲᠡᠨ ᠤ ᠲᠥᠷᠥᠯ ᠤᠨ ᠦᠨ᠎ᠡ ᠬᠠᠩᠰᠢ ᠨᠢ ᠭᠠᠷᠠᠬᠠᠨ ᠬᠠᠷᠢᠴᠠᠯ ᠪᠠᠭᠤᠷᠠᠵᠤ᠂ ᠠᠮᠤ ᠪᠤᠳᠠᠭᠠᠨ ᠤ ᠲᠥᠷᠥᠯ᠂ ᠲᠣᠰᠣᠨ ᠤ ᠲᠥᠷᠥᠯ ᠪᠣᠯᠤᠨ ᠥᠨᠳᠡᠭᠡᠨ ᠤ ᠲᠥᠷᠥᠯ ᠤᠨ ᠦᠨ᠎ᠡ ᠬᠠᠩᠰᠢ ᠨᠢ ᠭᠠᠷᠠᠬᠠᠨ ᠬᠠᠷᠢᠴᠠᠯ ᠲᠠᠢ ᠲᠡᠩᠴᠡᠨ᠎ᠡ᠃ ᠪᠣᠳᠠᠲᠠᠶ ᠪᠠᠶᠢᠳᠠᠯ ᠨᠢ ᠳᠣᠤᠷᠠᠬᠢ ᠮᠡᠲᠦ᠄
   ᠨᠢᠭᠡ᠂ ᠠᠮᠤ ᠪᠤᠳᠠᠭ᠎ᠠ ᠶᠢᠨ ᠲᠥᠷᠥᠯ ᠤᠨ ᠦᠨ᠎ᠡ ᠬᠠᠩᠰᠢ ᠠᠳᠠᠯᠢ    ᠳᠡᠭᠡᠷ᠎ᠡ ᠰᠠᠷ᠎ᠠ ᠶᠢᠨ ᠠᠮᠤ ᠪᠤᠳᠠᠭᠠᠨ ᠤ ᠪᠥᠭᠡᠮ ᠢᠶᠠᠷ ᠬᠤᠳᠠᠯᠳᠤᠬᠤ ᠳᠤᠮᠳᠠᠴᠢ ᠦᠨ᠎ᠡ ᠨᠢ 5.84 ᠲᠥᠭᠦᠷᠢᠭ / ᠺᠢᠯᠣᠭ᠍ᠷᠠᠮ᠂ ᠡᠭᠦᠨ ᠳᠤ ᠠᠮᠤ ᠪᠤᠳᠠᠭᠠᠨ ᠤ ᠦᠨ᠎ᠡ 6.4 ᠲᠥᠭᠦᠷᠢᠭ / ᠺᠢᠯᠣᠭ᠍ᠷᠠᠮ᠂ ᠵᠥᠭᠡᠯᠡᠨ ᠪᠤᠳᠠᠭ᠎ᠠ 6.2 ᠲᠥᠭᠦᠷᠢᠭ / ᠺᠢᠯᠣᠭ᠍ᠷᠠᠮ᠂ ᠭᠤᠯᠢᠷ 4.92 ᠲᠥᠭᠦᠷᠢᠭ / ᠺᠢᠯᠣᠭ᠍ᠷᠠᠮ᠂ ᠭᠠᠷᠠᠬᠠᠨ ᠬᠠᠷᠢᠴᠠᠯ 0.2% ᠪᠠᠭᠤᠷᠠᠵᠠᠶ᠃ ᠳᠡᠭᠡᠷ᠎ᠡ ᠰᠠᠷ᠎ᠠ ᠠᠮᠤ ᠪᠤᠳᠠᠭᠠᠨ ᠤ ᠲᠥᠷᠥᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠶ᠋ᠴᠡᠳ ᠪᠠᠶᠢᠵᠤ᠂ ᠠᠮᠤ ᠪᠤᠳᠠᠭᠠᠨ ᠤ ᠲᠥᠷᠥᠯ ᠤᠨ ᠦᠨ᠎ᠡ ᠬᠠᠩᠰᠢ ᠶᠢᠨ ᠠᠵᠢᠯᠯᠠᠭᠠᠨ ᠲᠣᠭᠲᠠᠭᠤᠨ ᠪᠠᠶᠢᠵᠤ᠂ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠤ ᠠᠮᠤ ᠪᠤᠳᠠᠭᠠᠨ ᠤ ᠲᠥᠷᠥᠯ ᠤᠨ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠬᠤ ᠪᠣᠯᠤᠨ᠎ᠠ᠃
   ᠬᠤᠶᠠᠷ᠂ ᠢᠳᠡᠰᠢᠨ ᠨᠣᠭᠤᠭ᠎ᠠ ᠶᠢᠨ ᠦᠨ᠎ᠡ ᠥᠰᠦᠭᠰᠡᠨ
   ᠳᠡᠭᠡᠷ᠎ᠡ ᠰᠠᠷ᠎ᠠ ᠶᠢᠨ ᠢᠳᠡᠱᠢᠨ ᠨᠣᠭᠤᠭ᠎ᠠ ᠶᠢᠨ
ᠰᠤᠯᠠ ᠪᠠᠷ ᠬᠤᠳᠠᠯᠳᠤᠬᠤ ᠳᠤᠮᠳᠠᠴᠢ ᠦᠨ᠎ᠡ 6.33 ᠲᠥᠭᠦᠷᠢᠭ / ᠺᠯᠦᠭᠷᠠᠮ᠂ ᠬᠠᠷᠢᠴᠠᠭᠤᠯᠤᠭᠰᠠᠨ ᠬᠡᠮᠵᠢᠶ᠎ᠡ 11.2 ᠬᠤᠪᠢ ᠥᠰᠴᠡᠢ᠃ ᠭᠤᠣᠯᠳᠠᠯᠭ᠎ᠠ ᠲᠠᠢ ᠬᠢᠨᠠᠨ ᠬᠡᠮᠵᠢᠭᠰᠡᠨ 28 ᠵᠦᠢᠯ ᠤᠨ ᠬᠦᠨᠡᠰᠦᠨ ᠤ ᠨᠣᠭᠤᠭᠠᠨ ᠤ ᠦᠨ᠎ᠡ ᠬᠠᠩᠰᠢ ᠶᠢ ︽23 ᠥᠰᠬᠦ 3 ᠪᠠᠭᠤᠷᠠᠪᠠᠯ 2 ᠦᠯᠦ ᠬᠤᠪᠢᠷᠠᠬᠤ ᠪᠠᠶᠢᠳᠠᠯ ᠢᠯᠡᠷᠡᠵᠡᠢ᠃ ᠦᠨ᠎ᠡ ᠬᠠᠩᠰᠢ ᠶᠢᠨ ᠥᠰᠥᠯᠲᠡ ᠶᠢᠨ ᠲᠥᠷᠥᠯ ᠵᠦᠢᠯ ᠤᠨ ᠥᠰᠥᠯᠲᠡ ᠶᠢᠨ ᠬᠡᠮᠵᠢᠶ᠎ᠡ ᠨᠢ 3.3% — 64.2% ᠤᠨ ᠬᠤᠭᠤᠷᠣᠨᠳᠣ ᠂ ᠡᠭᠦᠨ ᠳᠤ ᠰᠢᠯᠢᠮᠳᠡᠭ᠂ ᠬᠠᠰᠢ ᠪᠠ ᠡᠪᠦᠯ ᠤᠨ ᠭᠤᠸᠠ ᠶᠢᠨ ᠥᠰᠥᠯᠲᠡ ᠶᠢᠨ ᠬᠡᠮᠵᠢᠶ᠎ᠡ ᠨᠢ ᠨᠡᠯᠢᠶᠡᠳ ᠢᠯᠡᠷᠬᠡᠶ ᠪᠠᠶᠢᠵᠤ᠂ ᠥᠰᠥᠯᠲᠡ ᠶᠢᠨ ᠬᠡᠮᠵᠢᠶ᠎ᠡ ᠨᠢ ᠲᠤᠰ ᠲᠤᠰ 64.2%᠂ 60% ᠪᠠ 46.7% ᠪᠣᠯᠤᠨ᠎ᠠ᠃ ᠦᠨ᠎ᠡ ᠬᠠᠩᠰᠢ ᠪᠠᠭᠤᠷᠠᠯᠲᠠ ᠶᠢᠨ ᠲᠥᠷᠥᠯ ᠵᠦᠢᠯ ᠤᠨ ᠪᠠᠭᠤᠷᠠᠯᠲᠠ ᠶᠢᠨ ᠬᠡᠮᠵᠢᠶ᠎ᠡ ᠨᠢ 1.5% ᠪᠠ 21% ᠪᠠᠶᠢᠵᠤ᠂ ᠡᠭᠦᠨ ᠳᠤ ᠭᠠ ᠪᠠ ᠭᠠᠩᠭᠠᠨ ᠪᠠ ᠥᠷᠭᠡᠰᠦᠲᠦ ᠬᠡᠮᠬᠡ ᠶᠢᠨ ᠪᠠᠭᠤᠷᠠᠯᠲᠠ ᠶᠢᠨ ᠬᠡᠮᠵᠢᠶ᠎ᠡ ᠨᠢ ᠨᠡᠯᠢᠶᠡᠳ ᠢᠯᠡᠷᠬᠡᠶ ᠪᠠᠶᠢᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 21% ᠪᠠ 4.7% ᠪᠠ 1.5% ᠪᠣᠯᠤᠨ᠎ᠠ᠃ ᠳᠤᠯᠠᠭᠠᠨ ᠤ ᠬᠡᠮᠵᠢᠶ᠎ᠡ ᠪᠠᠭᠤᠷᠠᠬᠤ ᠶᠢ ᠳᠠᠭᠠᠯᠳᠤᠨ᠂ ᠰᠡᠭᠦᠯᠴᠢ ᠶᠢᠨ ᠬᠤᠭᠤᠴᠠᠭᠠᠨ ᠤ ᠢᠳᠡᠰᠢᠨ ᠨᠣᠭᠤᠭ᠎ᠠ ᠶᠢᠨ ᠦᠨ᠎ᠡ ᠪᠠᠭ᠎ᠠ ᠬᠡᠮᠵᠢᠶ᠎ᠡ ᠪᠠᠷ ᠥᠰᠬᠦ ᠪᠣᠯᠣᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号