ᠪᠠᠭᠠᠷᠢᠨ ᠵᠡᠭᠦᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠵᠠᠳᠠᠯᠤᠯᠲᠠ
ᠨᠡᠶᠢᠲᠡᠯᠡᠭᠰᠡᠨ ᠴᠠᠭ᠄
2024/11/18
   ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
 
 12 ᠰᠠᠷ᠎ᠠ ᠳᠤ ᠦᠢᠯᠡᠳᠬᠦᠨ ᠤ ᠥᠷᠲᠡᠭ ᠨᠢ 10.7% ᠪᠠᠷ ᠪᠠᠭᠤᠷᠠᠵᠤ᠂ 1-12 ᠰᠠᠷ᠎ᠠ ᠳᠤ ᠦᠢᠯᠡᠳᠬᠦᠨ ᠤ ᠥᠷᠲᠡᠭ ᠨᠢ 1.7% ᠪᠠᠷ ᠪᠠᠭᠤᠷᠠᠵᠠᠢ᠃ 11 ᠳ᠋ᠦ᠋ᠭᠡᠷ ᠰᠠᠷ᠎ᠠ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠪᠠᠷ ᠲᠥᠰᠦᠭᠡᠯᠡᠨ ᠪᠤᠳᠤᠭᠠᠳ 12 ᠳ᠋ᠤᠭᠠᠷ ᠰᠠᠷ᠎ᠠ ᠶᠢᠨ ᠨᠡᠮᠡᠭᠳᠡᠯ ᠥᠷᠲᠡᠭ 0.8% ᠪᠠᠷ ᠨᠡᠮᠡᠭᠳᠡᠵᠦ᠂ ᠨᠡᠶᠢᠲᠡ 4.4% ᠪᠠᠷ ᠨᠡᠮᠡᠭᠳᠡᠪᠡ᠃
   ᠭᠤᠷᠪᠠᠨ ᠶᠡᠭᠡ ᠲᠥᠷᠥᠯ ᠠᠴᠠ ᠦᠵᠡᠪᠡᠯ᠃
   ᠠᠭᠤᠷᠬᠠᠶ ᠮᠠᠯᠲᠠᠬᠤ ᠦᠢᠯᠡᠰ᠄ 12
ᠰᠠᠷ᠎ᠠ ᠳᠤ᠂ ᠪᠠᠭᠠᠷᠢᠨ ᠵᠡᠭᠦᠨ ᠬᠤᠰᠢᠭᠤᠨ ᠤ ᠠᠭᠤᠷᠬᠠᠶ ᠮᠠᠯᠲᠠᠬᠤ ᠠᠵᠤ ᠠᠬᠤᠶᠢᠯᠠᠯ ᠤᠨ ᠦᠢᠯᠡᠳᠬᠦᠨ ᠤ ᠥᠷᠲᠡᠭ 74.9% ᠪᠠᠶᠢᠵᠤ᠂ ᠲᠣᠰ ᠰᠠᠷ᠎ᠠ ᠶᠢᠨ ᠦᠢᠯᠡᠳᠬᠦᠨ ᠤ ᠥᠷᠲᠡᠭ ᠢ 7.8 ᠵᠠᠭᠤᠨ ᠤ ᠴᠡᠭ ᠳᠡᠭᠡᠭᠰᠢᠯᠡᠭᠦᠯᠪᠡ︔ 1 - 12 ᠰᠠᠷ᠎ᠠ ᠳᠤ ᠦᠢᠯᠡᠳᠬᠦᠨ ᠤ ᠥᠷᠲᠡᠭ 4.5% ᠨᠡᠮᠡᠭᠳᠡᠵᠦ᠂ ᠦᠢᠯᠡᠳᠬᠦᠨ ᠤ ᠥᠷᠲᠡᠭ ᠢ 0.8 ᠵᠠᠭᠤᠨ ᠤ ᠴᠡᠭ ᠳᠡᠭᠡᠭᠰᠢᠯᠡᠭᠦᠯᠪᠡ᠃
   ᠦᠶ᠋ᠯᠡᠳᠬᠦᠨ ᠤ ᠦᠢᠯᠡᠰ᠄ 12 ᠳ᠋ᠤᠭᠠᠷ ᠰᠠᠷ᠎ᠠ ᠶᠢᠨ ᠦᠶ᠋ᠯᠡᠳᠬᠦᠨ ᠤ ᠥᠷᠲᠡᠭ 22.
0% ᠪᠠᠭᠤᠷᠠᠵᠤ᠂ ᠲᠣᠰ ᠰᠠᠷ᠎ᠠ ᠶᠢᠨ ᠦᠶ᠋ᠯᠡᠳᠬᠦᠨ ᠤ ᠥᠷᠲᠡᠭ ᠢ 18.7 ᠵᠠᠭᠤᠨ ᠤ ᠨᠢᠭᠡᠴᠢ ᠪᠠᠭᠤᠷᠠᠭᠤᠯᠤᠨ᠎ᠠ︔ 1 - 12 ᠳ᠋ᠤᠭᠠᠷ ᠰᠠᠷ᠎ᠠ ᠶᠢᠨ ᠦᠶ᠋ᠯᠡᠳᠬᠦᠨ ᠤ ᠥᠷᠲᠡᠭ ᠢ 3.0% ᠪᠠᠭᠤᠷᠠᠭᠤᠯᠵᠤ᠂ ᠦᠶ᠋ᠯᠡᠳᠬᠦᠨ ᠤ ᠨᠡᠶᠢᠲᠡ ᠥᠷᠲᠡᠭ ᠢ 2.5 ᠵᠠᠭᠤᠨ ᠤ ᠨᠢᠭᠡᠴᠢ ᠪᠠᠭᠤᠷᠠᠭᠤᠯᠤᠨ᠎ᠠ᠃
   ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ
ᠤᠰᠤᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠶ᠋ᠯᠡᠰ᠄ 12 ᠰᠠᠷ᠎ᠠ ᠳᠤ᠂ ᠪᠠᠭᠠᠷᠢᠨ ᠵᠡᠭᠦᠨ ᠬᠤᠰᠢᠭᠤᠨ ᠤ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠶ᠋ᠯᠡᠰ ᠤᠨ ᠠᠵᠤ ᠠᠬᠤᠶᠢᠯᠠᠯ ᠤᠨ ᠦᠶ᠋ᠯᠡᠳᠬᠦᠨ ᠤ ᠥᠷᠲᠡᠭ 4.5% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠦᠶ᠋ᠯᠡᠳᠬᠦᠨ ᠤ ᠥᠷᠲᠡᠭ ᠢ 0.2 ᠵᠠᠭᠤᠨ ᠤ ᠨᠢᠭᠡᠴᠢ ᠤᠷᠲᠤᠳᠬᠠᠨ᠎ᠠ︔ 1 - 12 ᠰᠠᠷ᠎ᠠ ᠶᠢᠨ ᠦᠶ᠋ᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠵᠦ᠂ ᠦᠶ᠋ᠯᠡᠳᠬᠦᠨ ᠤ ᠥᠷᠲᠡᠭ ᠢ ᠦᠨᠳᠦᠰᠦᠨ ᠳᠤ ᠪᠠᠨ ᠳᠠᠶᠢᠴᠢᠯᠠᠬᠤ ᠦᠶ᠋ᠯᠡᠳᠦᠯ ᠥᠬᠡᠶ᠃
   ᠬᠤᠶᠠᠷ᠂ ᠠᠩᠬᠠᠷᠬᠤ ᠴᠢᠬᠤᠯᠠ ᠲᠠᠢ
ᠠᠰᠠᠭᠤᠳᠠᠯ
   ᠨᠢᠭᠡ ᠳᠤ᠂ ᠲᠣᠰ ᠵᠢᠯ ᠤᠨ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ ᠲᠣᠭᠲᠠᠭᠤᠨ
ᠪᠤᠰᠤ ᠪᠠᠶᠢᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠮᠠᠨ ᠤ ᠬᠤᠰᠢᠭᠤᠨ ᠤ ᠣᠯᠠᠩᠬᠢ ᠲᠣᠭᠠᠨ ᠤ ᠠᠵᠤ ᠠᠬᠤᠶᠢᠯᠠᠯ ᠨᠢ ᠤᠯᠠᠮᠵᠢᠯᠠᠯᠲᠤ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠᠶᠢᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠬᠤᠷᠴᠠ ᠰᠢᠷᠦᠭᠦᠨ᠂ 2023 ᠣᠨ ᠤ ᠪᠥᠬᠦ ᠵᠢᠯ ᠳᠤ᠂ ᠮᠠᠨ ᠤ ᠬᠤᠰᠢᠭᠤᠨ ᠤ ᠣᠯᠠᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠪᠠᠭᠤᠷᠠᠬᠤ ᠬᠠᠨᠳᠤᠰᠢ ᠲᠠᠢ ᠪᠣᠯᠵᠣ᠂ ᠡᠭᠦᠨ ᠳᠤ ᠣᠯᠠᠩᠬᠢ ᠨᠢ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠬᠦᠷᠦᠯᠴᠡᠬᠦ ᠥᠬᠡᠶ ᠪᠠᠶᠢᠭᠰᠠᠨ ᠠᠴᠠ ᠪᠠᠨ ᠪᠠᠭᠤᠷᠠᠵᠤ᠂ ᠪᠥᠬᠦ ᠵᠢᠯ ᠳᠤ ᠨᠡᠶᠢᠲᠡ 1.7 ᠵᠠᠭᠤᠨ ᠤ ᠴᠡᠭ ᠨᠡᠮᠡᠭᠳᠡᠭᠰᠡᠨ ᠪᠠᠶᠢᠨ᠎ᠠ᠃
 
 ᠭᠤᠷᠪᠠ᠂ ᠰᠠᠨᠠᠭᠤᠯᠭ᠎ᠠ
   ᠭᠤᠣᠯᠳᠠᠯᠭ᠎ᠠ ᠲᠠᠢ ᠠᠵᠤ ᠠᠬᠤᠶᠢᠯᠠᠯ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂
ᠦᠢᠯᠡᠳᠪᠦᠷᠢᠯᠡᠯ ᠢ ᠪᠠᠭᠠᠰᠬᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ᠃ ᠲᠠᠷᠠᠭᠠᠴᠢ ᠶᠢᠨ ᠠᠯᠬᠤᠮ ᠳᠤ ᠭᠠᠷᠤᠯᠲᠠ ᠪᠠᠨ ᠪᠠᠭᠠᠰᠬᠠᠬᠤ ᠠᠵᠤ ᠠᠬᠤᠶᠢᠯᠠᠯ ᠳᠤ ᠭᠤᠤᠯᠳᠠᠯᠭ᠎ᠠ ᠲᠠᠢ ᠬᠢᠨᠠᠨ ᠬᠡᠮᠵᠢᠯᠲᠡ ᠬᠢᠬᠦ ᠶᠢ ᠠᠷᠭᠠᠴᠠᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠨᠥᠯᠥᠭᠡᠯᠡᠬᠦ ᠬᠦᠴᠦᠨ ᠵᠦᠢᠯ ᠢ ᠠᠷᠢᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃
   ᠵᠡᠭᠦᠯᠲᠡ᠄ 1. ᠠᠵᠤ
ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ᠄ ᠳᠠᠷᠤᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠪᠣᠯ ᠵᠣᠬᠢᠬᠤ ᠴᠠᠭ ᠬᠤᠭᠤᠴᠠᠭᠠᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠣᠳᠠᠰ ᠤᠨ ᠬᠡᠮᠵᠢᠶ᠎ᠡ ᠶᠢᠨ ᠨᠡᠮᠡᠭᠳᠡᠵᠦ ᠬᠠᠰᠤᠭᠳᠠᠬᠤ ᠬᠤᠪᠢᠷᠠᠯᠲᠠ ᠶᠢᠨ ᠬᠡᠮᠵᠢᠶ᠎ᠡ ᠶᠢ ᠲᠤᠰᠬᠠᠬᠤ ᠭᠦᠢᠴᠡᠳᠬᠡᠯ ᠲᠤᠭ᠎ᠠ ᠮᠥᠨ᠃ ᠬᠤᠲᠠ ᠶᠢᠨ ᠬᠠᠷᠢᠭᠤ ᠲᠤᠰᠬᠠᠭᠰᠠᠨ ᠨᠡᠮᠡᠭᠳᠡᠯ ᠥᠷᠲᠡᠭ ᠨᠢ ᠨᠡᠮᠡᠭᠳᠡᠯ ᠥᠷᠲᠡᠭ ᠨᠢ ᠨᠡᠮᠡᠭᠳᠡᠭᠰᠡᠨ ᠨᠤᠷᠮ᠎ᠠ᠂ ᠠᠵᠤ ᠦᠢᠯᠡᠰ ᠤᠨ ᠪᠦᠲᠦᠴᠡ ᠪᠠ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠶᠢᠨ ᠵᠢᠭᠠᠯᠲᠠ ᠲᠤᠭ᠎ᠠ ᠵᠡᠷᠭᠡ ᠣᠯᠠᠨ ᠵᠦᠢᠯ ᠤᠨ ᠨᠥᠯᠥᠭᠡ ᠠᠴᠠ ᠪᠣᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠪᠠ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠵᠠᠷᠢᠮ ᠳᠤ ᠪᠠᠨ ᠵᠣᠬᠢᠴᠠᠯᠳᠤᠬᠤ ᠦᠭᠡᠢ ᠪᠣᠯᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号