ᠨᠢᠭᠡ᠂ ᠠᠵᠢᠯᠯᠠᠭᠠᠨ ᠤ ᠦᠨᠳᠦᠰᠦᠨ ᠪᠠᠶᠢᠳᠠᠯ 2023 ᠣᠨ ᠤ 1 - 12 ᠰᠠᠷ᠎ᠠ ᠶᠢᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.4 % ᠪᠠᠷ ᠨᠡᠮᠡᠭᠳᠡᠪᠡ᠃ ︵ | ᠨᠢᠭᠡ︶ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠦᠬᠦ ᠬᠡᠮᠵᠢᠶ᠎ᠡ ᠦᠷᠭᠦᠯᠵᠢᠯᠡᠨ ᠶᠡᠬᠡᠰᠪᠡ 1 - 12 ᠰᠠᠷ᠎ᠠ ᠳᠤ | 500 - 5000 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠦᠢᠯ 19.9% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 5.4 ᠵᠠᠭᠤᠨ ᠤ ᠨᠢᠭᠡᠴᠢ ᠳᠡᠭᠡᠭᠰᠢᠯᠡᠪᠡ︔ | 5000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ 46.3% ᠪᠠᠷ | ᠨᠡᠮᠡᠭᠳᠡᠵᠦ᠂ ᠪᠠᠯᠠ ᠣᠷᠣᠭᠤᠯᠤᠯᠲᠠ ᠶᠢ ᠳᠠᠶᠢᠴᠢᠯᠠᠨ 25.9 ᠵᠠᠭᠤᠨ ᠤ ᠨᠢᠭᠡᠴᠢ ᠳᠡᠭᠡᠭᠰᠢᠯᠡᠪᠡ︔ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 41.8% ᠪᠠᠷ ᠪᠠᠭᠤᠷᠠᠵᠤ᠂ ᠪᠠᠯᠠ ᠣᠷᠣᠭᠤᠯᠤᠯᠲᠠ ᠶᠢ | ᠳᠠᠶᠢᠴᠢᠯᠠᠨ 6.9 ᠵᠠᠭᠤᠨ ᠤ ᠴᠡᠭ ᠪᠠᠭᠤᠷᠠᠭᠤᠯᠪᠠ᠃ ᠬᠤᠶᠠᠷ᠂ ᠠᠵᠢᠯᠯᠠᠭᠠᠨ ᠤ ᠭᠤᠣᠯ ᠣᠨᠴᠠᠯᠢᠭ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠲᠡᠷᠢᠭᠦᠯᠡᠵᠦ᠂ ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠲᠣᠭᠲᠠᠭᠤᠨ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠪᠠᠭᠤᠷᠠᠬᠤ ᠬᠠᠨᠳᠤᠰᠢ ᠲᠠᠢ ᠪᠣᠯᠪᠠ᠃ 2023 ᠣᠨ ᠤ 1 - 12 ᠳ᠋ᠤᠭᠠᠷ ᠰᠠᠷ᠎ᠠ ᠳᠤ | ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠨᠡᠶᠢᠲᠡ 53.9% ᠪᠠᠷ ᠨᠡᠮᠡᠭᠳᠡᠵᠦ᠂ ᠶᠡᠷᠦᠩᠬᠡᠶ ᠪᠠᠯᠠ | ᠣᠷᠣᠭᠤᠯᠤᠯᠲᠠ 7.3 ᠵᠠᠭᠤᠨ ᠤ ᠨᠢᠭᠡᠴᠢ ᠳᠡᠭᠡᠭᠰᠢᠯᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ | ᠨᠡᠶᠢᠲᠡ 46.1% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠪᠠ︔ ᠭᠤᠷᠪᠠᠳᠤᠭᠠᠷ ᠠᠵᠤ | ᠦᠢᠯᠡᠰ ᠪᠠᠯᠠ ᠣᠷᠣᠭᠤᠯᠤᠯᠲᠠ ᠶᠢᠨ ᠨᠡᠮᠡᠭᠳᠡᠯ ᠢ ᠨᠡᠶᠢᠲᠡ 10.7% ᠪᠠᠷ ᠪᠡᠶᠡᠯᠡᠭᠦᠯᠵᠦ᠂ ᠪᠠᠯᠠ ᠣᠷᠣᠭᠤᠯᠤᠯᠲᠠ ᠶᠢ | ᠳᠠᠶᠢᠴᠢᠯᠠᠨ 6.9 ᠵᠠᠭᠤᠨ ᠤ ᠴᠡᠭ ᠳᠡᠭᠡᠭᠰᠢᠯᠡᠭᠦᠯᠪᠡ᠃ ᠭᠤᠷᠪᠠ᠂ ᠪᠡᠯᠡ ᠣᠷᠣᠭᠤᠯᠤᠯᠲᠠ ᠶᠢᠨ ᠠᠵᠢᠯᠯᠠᠭᠠᠨ ᠤ | ᠳᠤᠮᠳᠠ ᠣᠷᠣᠰᠢᠵᠤ ᠪᠠᠶᠢᠭ᠎ᠠ ᠬᠡᠳᠦᠨ ᠠᠰᠠᠭᠤᠳᠠᠯ ︵ᠨᠢᠭᠡ︶ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ ᠨᠢ ᠬᠥᠮᠥᠷᠭᠡ ᠳᠤ ᠪᠠᠭ᠎ᠠ᠃ 1 - 12 ᠳ᠋ᠤᠭᠠᠷ ᠰᠠᠷ᠎ᠠ ᠳᠤ ᠶᠡᠷᠦᠩᠬᠡᠶ ᠪᠡᠯᠡ ᠣᠷᠣᠭᠤᠯᠤᠯᠲᠠ ᠨᠢ | 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠤᠰ ᠵᠢᠯ ᠳᠤ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠵᠥᠪᠬᠡᠨ ᠪᠦᠬᠦ ᠪᠡᠯᠡ ᠣᠷᠣᠭᠤᠯᠤᠯᠲᠠ ᠶᠢᠨ 13.3% ᠶᠢ ᠡᠵᠡᠯᠡᠨ᠎ᠡ᠃ ︵ᠬᠤᠶᠠᠷ︶ ᠭᠡᠷ | ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠪᠡᠯᠡ ᠣᠷᠤᠭᠤᠯᠤᠯᠲᠠ ᠮᠠᠭᠤᠲᠠᠵᠤ᠂ ᠲᠤᠯᠭᠠᠭᠤᠷᠢᠯᠠᠬᠤ | ᠦᠢᠯᠡᠳᠦᠯ ᠪᠠᠭᠠᠰᠪᠠ ᠣᠳᠣᠬᠠᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ | ᠬᠦᠨᠳᠦ ᠨᠣᠴᠢᠲᠠᠶ ᠪᠠᠭᠤᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ | ᠪᠠᠭᠤᠷᠠᠬᠤ ᠬᠠᠨᠳᠤᠰᠢ ᠲᠠᠢ ᠪᠣᠯᠵᠤ᠂ ᠲᠣᠭᠲᠠᠭᠤᠨ ᠨᠡᠮᠡᠭᠳᠡᠯ ᠲᠠᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠯᠤᠭ᠎ᠠ ᠵᠥᠷᠢᠶ᠎ᠡ ᠪᠣᠯᠵᠤ ᠪᠠᠶᠢᠨ᠎ᠠ᠃ ᠳᠥᠷᠪᠡ᠂ ᠠᠷᠭᠠᠴᠠᠭᠠᠬᠤ | ᠪᠣᠳᠣᠯᠭ᠎ᠠ ᠶᠢᠨ ᠰᠠᠨᠠᠭᠤᠯᠭ᠎ᠠ ︵ᠨᠢᠭᠡ︶ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠶᠡᠬᠡᠪᠡᠷ | ᠬᠥᠭᠵᠢᠭᠦᠯᠦᠨ᠎ᠡ᠃ ᠣᠳᠣᠬᠠᠨ ᠳᠤ᠂ ᠪᠦᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠲᠣᠭᠲᠠᠭᠤᠨ ᠢᠶᠠᠷ ᠨᠡᠮᠡᠭᠳᠡᠵᠦ᠂ ᠨᠥᠭᠡᠴᠡ ᠬᠦᠴᠦᠨ ᠮᠥᠨ ᠯᠡ ᠨᠡᠯᠢᠶᠡᠳ ᠶᠡᠭᠡ ᠣᠷᠣᠨ ᠵᠠᠶ ᠲᠠᠢ ᠪᠠᠶᠢᠨ᠎ᠠ᠃ | ᠡᠶᠢᠮᠦ ᠠᠴᠠ ᠡᠷᠬᠡᠪᠰᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠨ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠵᠤ᠂ ᠠᠵᠤ ᠠᠬᠤᠶ ᠶᠢᠨ ᠨᠡᠮᠡᠭᠳᠡᠯ ᠳᠠᠬᠢ ᠪᠡᠯᠡ ᠣᠷᠣᠭᠤᠯᠤᠯᠲᠠ ᠶᠢᠨ ᠪᠦᠲᠦᠮᠵᠢᠲᠡᠶ ᠲᠠᠲᠠᠬᠤ ᠬᠦᠴᠦᠨ ᠢ | ᠦᠨᠡᠨᠬᠦ ᠪᠠᠲᠤᠯᠠᠵᠤ᠂ ᠠᠵᠤ ᠠᠬᠤᠶ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠠᠬᠢᠭᠤᠯᠬᠤ | ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠢᠯ ᠢ ᠲᠡᠮᠡᠴᠡᠨ ᠣᠯᠬᠤ ᠪᠠ ᠲᠥᠷᠥᠯ ᠵᠦᠢᠯ ᠲᠣᠭᠲᠠᠭᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ | ᠢᠳᠡᠪᠬᠢᠲᠡᠶ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠥᠮᠥᠷᠭᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠵᠣᠯᠭᠠᠭᠤᠯᠤᠯᠲᠠ ᠳᠤ ᠲᠠᠰᠤᠯᠳᠠᠯ | ᠭᠠᠷᠬᠤ ᠠᠴᠠ ᠵᠠᠶᠢᠯᠠᠰᠬᠢᠬᠦ ᠬᠡᠷᠡᠭᠲᠡᠶ᠃ ︵ᠬᠤᠶᠠᠷ︶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠡᠯᠡ | ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠡᠯᠡ ᠣᠷᠣᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠬᠦ ᠪᠣᠯ ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ ᠴᠢᠬᠤᠯᠠ ᠠᠷᠭ᠎ᠠ ᠪᠠᠷᠢᠯ ᠪᠣᠯᠬᠤ ᠪᠥᠭᠡᠳ | ᠮᠥᠨᠴᠦ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠨᠥᠯᠥᠭᠡᠯᠡᠬᠦ ᠪᠦᠲᠦᠮᠵᠢᠲᠡᠶ | ᠠᠷᠭ᠎ᠠ ᠵᠠᠮ ᠪᠣᠯᠤᠨ᠎ᠠ᠃ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠬᠦ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡᠳᠦᠭᠡᠷ ᠠᠵᠤ ᠦᠢᠯᠡᠰ ᠢ | ᠪᠤᠵᠠᠭᠠᠶᠢᠷᠠᠭᠤᠯᠵᠤ᠂ ᠬᠤᠶᠠᠳᠤᠭᠠᠷ ᠠᠵᠤ ᠦᠢᠯᠡᠰ ᠢ ᠲᠣᠭᠲᠠᠪᠤᠷᠢᠵᠢᠭᠤᠯᠤᠨ᠂ ᠭᠤᠷᠪᠠᠳᠤᠭᠠᠷ ᠠᠵᠤ ᠦᠢᠯᠡᠰ ᠢ | ᠴᠢᠩᠭᠠᠳᠬᠠᠵᠤ᠂ ᠪᠠᠯᠠ ᠣᠷᠣᠭᠤᠯᠤᠯᠲᠠ ᠶᠢᠨ ᠭᠤᠤᠯᠳᠠᠯᠭ᠎ᠠ ᠶᠢ ᠪᠦᠬᠦ᠋ᠢᠯᠡ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ᠂ ᠬᠡᠯᠪᠡᠷᠢ ᠪᠠᠨ ᠬᠤᠪᠢᠷᠠᠭᠤᠯᠬᠤ ᠪᠠ ᠰᠢᠯᠢᠳᠡᠭᠵᠢᠭᠦᠯᠬᠦ ᠬᠠᠷᠠᠯᠲᠠ ᠯᠤᠭ᠎ᠠ ᠬᠠᠷᠢᠯᠴᠠᠨ | ᠵᠣᠬᠢᠴᠠᠭᠤᠯᠬᠤ ᠬᠡᠷᠡᠭᠲᠡᠶ᠃ |