ᠪᠠᠭᠠᠷᠢᠨ ᠵᠡᠭᠦᠨ ᠬᠤᠰᠢᠭᠤᠨ ᠤ ᠪᠦᠸᠧᠼᠠᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠤᠰᠭᠠᠢ ᠰᠡᠳᠦᠪᠲᠦ ᠵᠠᠳᠠᠯᠤᠯᠲᠠ
ᠨᠡᠶᠢᠲᠡᠯᠡᠭᠰᠡᠨ ᠴᠠᠭ᠄
2024/11/18
   ᠪᠠᠭᠠᠷᠢᠨ ᠵᠡᠭᠦᠨ ᠬᠤᠰᠢᠭᠤᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 2024 ᠣᠨ ᠤ 1 ᠰᠠᠷ᠎ᠠ ᠶᠢᠨ 1 ᠤ ᠡᠳᠦᠷ ᠠᠴᠠ 1 ᠰᠠᠷ᠎ᠠ ᠶᠢᠨ 31 ᠤ ᠡᠳᠦᠷ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠥᠷᠭᠡᠰᠦᠲᠦ ᠨᠣᠭᠤᠭ᠎ᠠ ᠶᠢᠨ ᠵᠢᠵᠢᠭᠯᠡᠨ ᠬᠤᠳᠠᠯᠳᠤᠬᠤ ᠦᠨ᠎ᠡ ᠥᠰᠬᠦ ᠬᠠᠨᠳᠤᠰᠢ ᠲᠠᠢ ᠪᠠᠶᠢᠨ᠎ᠠ᠃
   ᠨᠢᠭᠡ᠂ ᠠᠵᠢᠯᠯᠠᠭᠠᠨ ᠤ ᠪᠠᠶᠢᠳᠠᠯ
   2024
ᠣᠨ ᠤ 1 ᠰᠠᠷ᠎ᠠ ᠶᠢᠨ 31 ᠤ ᠡᠳᠦᠷ ᠪᠦᠸᠧᠼᠠᠢ ᠶᠢᠨ ᠵᠢᠵᠢᠭᠯᠡᠨ ᠪᠣᠷᠣᠯᠠᠭᠤᠯᠬᠤ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 9. 25 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 49.2% ᠨᠡᠮᠡᠭᠳᠡᠪᠡ᠃
   
ᠬᠤᠶᠠᠷ᠂ ᠰᠢᠯᠲᠠᠭᠠᠨ ᠤ ᠵᠠᠳᠠᠯᠤᠯᠲᠠ
   ᠪᠦᠸᠧᠼᠠᠢ ᠶᠢᠨ ᠦᠨ᠎ᠡ ᠦᠰᠦᠭᠰᠡᠨ ᠭᠤᠣᠯ ᠰᠢᠯᠲᠠᠭᠠᠨ ᠪᠣᠯ᠄
   
ᠤᠯᠠᠷᠢᠯ ᠤᠨ ᠰᠢᠯᠲᠠᠭᠠᠨ᠃ ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠠᠭᠠᠷ ᠤᠨ ᠳᠤᠯᠠᠭᠠᠨ ᠪᠠᠭᠤᠷᠠᠵᠤ ᠂ ᠬᠡᠰᠡᠭ ᠢᠳᠡᠱᠢᠨ ᠨᠣᠭᠤᠭ᠎ᠠ ᠨᠢ ᠬᠠᠱᠢᠵᠤ᠂ ᠲᠤᠰ ᠭᠠᠵᠠᠷ ᠤᠨ ᠥᠷᠭᠡᠰᠦᠲᠦ ᠨᠣᠭᠤᠭ᠎ᠠ ᠨᠢ ᠶᠡᠭᠡ ᠬᠡᠮᠵᠢᠶ᠎ᠡ ᠪᠠᠷ ᠪᠠᠭᠤᠵᠤ᠂ ᠭᠠᠳᠠᠷ ᠣᠷᠣᠨ ᠠᠴᠠ ᠣᠷᠣᠭᠤᠯᠬᠤ ᠴᠢᠬᠤᠯᠠ ᠲᠠᠢ ᠪᠥᠭᠡᠳ ᠳᠤᠮᠳᠠᠬᠢ ᠲᠡᠭᠡᠭᠡᠪᠦᠷᠢ ᠶᠢᠨ ᠵᠠᠷᠤᠳᠠᠯ ᠨᠢ ᠲᠤᠰ ᠭᠠᠵᠠᠷ ᠤᠨ ᠥᠷᠭᠡᠰᠦᠲᠦ ᠨᠣᠭᠤᠭ᠎ᠠ ᠶᠢᠨ ᠦᠨ᠎ᠡ ᠥᠰᠴᠦ ᠪᠠᠢᠨ᠎ᠠ᠃
   ᠭᠤᠷᠪᠠ᠂ ᠰᠡᠭᠦᠯᠴᠢ ᠶᠢᠨ
ᠬᠤᠭᠤᠴᠠᠭᠠᠨ ᠤ ᠵᠢᠱᠢᠯᠲᠡ
   ᠠᠭᠠᠷ ᠤᠨ ᠳᠤᠯᠠᠭᠠᠨ ᠪᠠᠭᠤᠷᠠᠬᠤ ᠶᠢ ᠳᠠᠭᠠᠯᠳᠤᠨ᠂ ᠬᠡᠰᠡᠭ ᠢᠳᠡᠰᠢᠨ ᠨᠣᠭᠤᠭ᠎ᠠ
ᠬᠠᠶᠠᠭᠳᠠᠵᠤ᠂ ᠲᠣᠰ ᠭᠠᠵᠠᠷ ᠤᠨ ᠡᠬᠡ ᠭᠠᠵᠠᠷ ᠤᠨ ᠥᠷᠭᠡᠰᠦᠲᠦ ᠨᠣᠭᠤᠭ᠎ᠠ ᠶᠢᠨ ᠭᠠᠷᠤᠯᠲᠠ ᠠᠯᠬᠤᠮ ᠠᠯᠬᠤᠮ ᠢᠶᠠᠷ ᠪᠠᠭᠤᠷᠠᠵᠤ᠂ ᠰᠡᠭᠦᠯᠴᠢ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠥᠷᠭᠡᠰᠦᠲᠦ ᠨᠣᠭᠤᠭ᠎ᠠ ᠶᠢᠨ ᠦᠨ᠎ᠡ ᠵᠢᠭᠠᠬᠠᠨ ᠥᠰᠬᠦ ᠬᠠᠨᠳᠤᠰᠢ ᠲᠠᠢ ᠪᠣᠯᠤᠨ᠎ᠠ᠃
   ᠳᠥᠷᠪᠡ᠂ ᠰᠠᠨᠠᠭᠤᠯᠭ᠎ᠠ
   1. ᠬᠡᠪᠴᠢᠶᠡᠵᠢᠭᠰᠡᠨ
ᠡᠵᠡᠩᠨᠡᠯᠲᠡ ᠶᠢ ᠪᠡᠶᠡᠯᠡᠭᠦᠯᠵᠦ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠬᠤᠷᠰᠢᠶ᠎ᠠ ᠬᠢᠭᠡᠳ ᠬᠡᠲᠦ ᠳᠡᠯᠭᠡᠭᠦᠷ ᠢ ᠵᠣᠯᠭᠠᠭᠤᠯᠵᠤ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠡᠰᠡᠷᠭᠦᠴᠡᠨ ᠬᠤᠷᠢᠭᠯᠠᠨ᠎ᠠ᠃
   2. ᠲᠤᠰ ᠭᠠᠵᠠᠷ ᠤᠨ ᠢᠳᠡᠰᠢᠨ ᠨᠣᠭᠤᠭ᠎ᠠ ᠶᠢᠨ
ᠦᠢᠯᠡᠳᠪᠦᠷᠢᠯᠡᠯ ᠤᠨ ᠡᠷᠴᠢᠮ ᠢ ᠴᠢᠬᠤᠯᠠᠴᠢᠯᠠᠬᠤ ᠶᠢᠨ ᠬᠠᠮᠲᠤ ᠨᠡᠮᠡᠭᠳᠡᠭᠦᠯᠵᠦ᠂ ᠲᠤᠰ ᠭᠠᠵᠠᠷ ᠤᠨ ᠢᠳᠡᠰᠢᠨ ᠨᠣᠭᠤᠭ᠎ᠠ ᠶᠢᠨ ᠦᠨ᠎ᠡ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠲᠤᠰ ᠭᠠᠵᠠᠷ ᠤᠨ ᠢᠳᠡᠰᠢᠨ ᠨᠣᠭᠤᠭ᠎ᠠ ᠶᠢᠨ ᠬᠥᠭᠵᠢᠯᠲᠡ ᠶᠢᠨ ᠵᠦᠢ ᠵᠣᠬᠢᠰᠲᠠᠢ ᠲᠥᠯᠥᠪᠵᠢᠭᠦᠯᠭᠡ ᠶᠢ ᠲᠣᠭᠲᠠᠭᠠᠵᠤ᠂ ᠲᠤᠰ ᠭᠠᠵᠠᠷ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠶᠡᠷᠦᠩᠬᠡᠢ ᠬᠡᠮᠵᠢᠶ᠎ᠡ ᠶᠢ ᠴᠢᠷᠮᠠᠶᠢᠨ ᠨᠡᠮᠡᠭᠳᠡᠭᠦᠯᠵᠦ᠂ ᠬᠦᠯᠡᠮᠵᠢ ᠶᠢᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ ᠵᠣᠬᠢᠰᠲᠠᠢ ᠨᠡᠮᠡᠭᠳᠡᠭᠦᠯᠵᠦ᠂ ᠬᠡᠰᠡᠭ ᠢᠳᠡᠰᠢᠨ ᠨᠣᠭᠤᠭ᠎ᠠ ᠶᠢᠨ ᠤᠯᠠᠷᠢᠯ ᠤᠨ ᠴᠢᠨᠠᠷᠲᠠᠢ ᠬᠤᠭᠤᠰᠣᠨ ᠢ ᠨᠥᠬᠦᠪᠥᠷᠢᠯᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠵᠤ᠂ ᠬᠤᠳᠠ ᠶᠢᠨ ᠠᠷᠠᠳ ᠲᠤ ᠴᠢᠨᠠᠷ ᠰᠠᠶᠢᠲᠠᠢ ᠪᠥᠭᠡᠳ ᠲᠣᠬᠢᠷᠠᠮᠵᠢᠲᠠᠢ ᠨᠤᠲᠤᠭ ᠤᠨ ᠢᠳᠡᠰᠢᠨ ᠨᠣᠭᠤᠭ᠎ᠠ ᠢᠳᠡᠭᠦᠯᠬᠦ ᠬᠡᠷᠡᠭᠲᠡᠢ᠃
   3. ᠲᠣᠮᠣ ᠬᠡᠯᠪᠡᠷᠢ ᠶᠢᠨ ᠢᠳᠡᠰᠢᠨ ᠨᠣᠭᠤᠭ᠎ᠠ ᠶᠢᠨ ᠬᠦᠢᠲᠡᠨ ᠬᠥᠮᠥᠷᠭᠡ ᠪᠣᠯᠤᠨ
ᠪᠠᠷᠠᠭ᠎ᠠ ᠶᠢᠨ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠢᠳᠡᠰᠢᠨ ᠨᠣᠭᠤᠭ᠎ᠠ ᠶᠢᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠳᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠵᠦ᠂ ᠬᠠᠳᠠᠭᠠᠯᠠᠯᠲᠠ ᠶᠢᠨ ᠬᠤᠷᠣᠭᠳᠠᠯ ᠪᠣᠯᠤᠨ ᠬᠠᠳᠠᠭᠠᠯᠠᠬᠤ ᠥᠪᠡᠷ ᠤᠨ ᠥᠷᠲᠡᠭ ᠢ ᠪᠠᠭᠠᠰᠬᠠᠨ᠂ ᠲᠦᠢᠯ ᠤᠨ ᠴᠠᠭ ᠠᠭᠤᠷ ᠪᠤᠶᠤ ᠪᠠᠶᠢᠭᠠᠯᠢ ᠶᠢᠨ ᠭᠠᠮᠰᠢᠭ ᠤᠨ ᠬᠡᠷᠡᠭ ᠡᠭᠦᠰᠬᠦ ᠦ᠊ ᠡᠶ᠎ᠡ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠬᠦᠷᠦᠯᠴᠡᠬᠦ ᠦᠭᠡᠶ ᠪᠣᠯᠬᠤ ᠠᠴᠠ ᠰᠡᠷᠭᠡᠶᠢᠯᠡᠨ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠴᠠᠭ ᠢᠮᠠᠭᠲᠠ ᠰᠠᠶᠢᠲᠤᠷ ᠬᠢᠬᠦ ᠬᠡᠷᠡᠭᠲᠡᠶ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号