ᠠᠭᠠᠷᠢᠨ ᠵᠡᠭᠦᠨ ᠬᠤᠰᠢᠭᠤᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 2024 ᠣᠨ ᠤ 2 ᠰᠠᠷ᠎ᠠ ᠶᠢᠨ 1 ᠤ ᠡᠳᠦᠷ ᠠᠴᠠ 2 | ᠰᠠᠷ᠎ᠠ ᠶᠢᠨ 29 ᠤ ᠡᠳᠦᠷ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠴᠤᠭᠤᠷ ᠨᠣᠭᠤᠭ᠎ᠠ ᠶᠢᠨ ᠵᠢᠵᠢᠭᠯᠡᠨ | ᠬᠤᠳᠠᠯᠳᠤᠬᠤ ᠦᠨ᠎ᠡ ᠥᠰᠬᠦ ᠬᠠᠨᠳᠤᠰᠢ ᠲᠠᠢ ᠪᠠᠶᠢᠨ᠎ᠠ᠃ ᠨᠢᠭᠡ᠂ ᠠᠵᠢᠯᠯᠠᠭᠠᠨ ᠤ ᠪᠠᠶᠢᠳᠠᠯ | 2024 ᠣᠨ ᠤ 2 ᠰᠠᠷ᠎ᠠ ᠶᠢᠨ 29 ᠤ ᠡᠳᠦᠷ ᠴᠣᠭᠤᠷ ᠨᠣᠭᠤᠭ᠎ᠠ ᠶᠢᠨ ᠳᠤᠮᠳᠠᠴᠢ ᠵᠢᠵᠢᠭᠯᠡᠨ ᠬᠤᠳᠠᠯᠳᠤᠬᠤ | ᠦᠨ᠎ᠡ ᠨᠢ 7.75 ᠲᠥᠭᠦᠷᠢᠭ / ᠺᠢᠯᠣᠭ᠍ᠷᠠᠮ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ᠃ ᠬᠤᠶᠠᠷ | ᠂ ᠰᠢᠯᠲᠠᠭᠠᠨ ᠤ ᠵᠠᠳᠠᠯᠤᠯᠲᠠ ᠴᠣᠭᠤᠷ ᠨᠣᠭᠤᠭ᠎ᠠ ᠶᠢᠨ ᠦᠨ᠎ᠡ ᠥᠰᠬᠦ ᠭᠤᠣᠯ ᠰᠢᠯᠲᠠᠭᠠᠨ ᠪᠣᠯ᠄ | ᠤᠯᠠᠷᠢᠯ ᠤᠨ ᠰᠢᠯᠲᠠᠭᠠᠨ᠃ ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠠᠭᠠᠷ ᠤᠨ ᠳᠤᠯᠠᠭᠠᠨ ᠪᠠᠭᠤᠷᠠᠵᠤ | ᠂ ᠬᠡᠰᠡᠭ ᠢᠳᠡᠱᠢᠨ ᠨᠣᠭᠤᠭ᠎ᠠ ᠨᠢ ᠬᠠᠱᠢ ᠶᠠᠱᠢ ᠪᠠᠭᠤᠵᠤ᠂ ᠲᠤᠰ ᠭᠠᠵᠠᠷ ᠤᠨ ᠴᠤᠭᠤᠷ ᠨᠣᠭᠤᠭ᠎ᠠ ᠶᠡᠭᠡ | ᠬᠡᠮᠵᠢᠶ᠎ᠡ ᠪᠠᠷ ᠪᠠᠭᠤᠵᠤ᠂ ᠭᠠᠳᠠᠷ ᠣᠷᠣᠨ ᠠᠴᠠ ᠣᠷᠣᠭᠤᠯᠵᠤ᠂ ᠡᠭᠦᠨ ᠤ ᠳᠣᠲᠣᠷᠠᠬᠢ ᠲᠡᠭᠡᠭᠡᠪᠦᠷᠢ ᠶᠢᠨ ᠵᠠᠷᠤᠳᠠᠯ ᠨᠢ | ᠪᠠᠰᠠ ᠲᠤᠰ ᠭᠠᠵᠠᠷ ᠤᠨ ᠴᠤᠭᠤᠷ ᠨᠣᠭᠤᠭ᠎ᠠ ᠶᠢᠨ ᠦᠨ᠎ᠡ ᠥᠰᠴᠦ ᠪᠠᠢᠨ᠎ᠠ᠃ ᠭᠤᠷᠪᠠ᠂ ᠰᠡᠭᠦᠯᠴᠢ ᠶᠢᠨ | ᠬᠤᠭᠤᠴᠠᠭᠠᠨ ᠤ ᠵᠢᠱᠢᠯᠲᠡ ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠬᠡᠰᠡᠭ ᠢᠳᠡᠰᠢᠨ | ᠨᠣᠭᠤᠭ᠎ᠠ ᠬᠠᠶᠠᠭᠳᠠᠵᠤ᠂ ᠲᠣᠰ ᠭᠠᠵᠠᠷ ᠤᠨ ᠡᠬᠡ ᠭᠠᠵᠠᠷ ᠤᠨ ᠴᠤᠭᠤᠷ ᠨᠣᠭᠤᠭ᠎ᠠ ᠶᠢᠨ ᠭᠠᠷᠤᠯᠲᠠ ᠠᠭᠠᠵᠢᠮ ᠢᠶᠠᠷ | ᠪᠠᠭᠤᠷᠠᠵᠤ᠂ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠴᠤᠭᠤᠷ ᠨᠣᠭᠤᠭ᠎ᠠ ᠶᠢᠨ | ᠦᠨ᠎ᠡ ᠵᠢᠭᠠᠬᠠᠨ ᠥᠰᠬᠦ ᠬᠠᠨᠳᠤᠰᠢ ᠲᠠᠢ ᠪᠣᠯᠤᠨ᠎ᠠ᠃ ᠳᠥᠷᠪᠡ᠂ ᠰᠠᠨᠠᠭᠤᠯᠭ᠎ᠠ 1. ᠬᠡᠪᠴᠢᠶᠡᠵᠢᠭᠰᠡᠨ | ᠡᠵᠡᠩᠨᠡᠯᠲᠡ ᠶᠢ ᠪᠡᠶᠡᠯᠡᠭᠦᠯᠵᠦ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠴᠠᠭᠰᠠᠨ | ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠬᠤᠷᠰᠢᠶ᠎ᠠ ᠬᠢᠭᠡᠳ ᠬᠡᠲᠦ ᠳᠡᠯᠭᠡᠭᠦᠷ ᠢ ᠵᠣᠯᠭᠠᠭᠤᠯᠵᠤ᠂ ᠵᠠᠬ᠎ᠠ | ᠳᠡᠯᠭᠡᠭᠦᠷ ᠤᠨ ᠲᠦᠭᠰᠢᠭᠦᠷᠢ ᠶᠢ ᠡᠰᠡᠷᠭᠦᠴᠡᠨ ᠬᠤᠷᠢᠭᠯᠠᠨ᠎ᠠ᠃ 2. ᠲᠤᠰ ᠭᠠᠵᠠᠷ ᠤᠨ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠡᠷᠴᠢᠮ ᠢ ᠴᠢᠬᠤᠯᠠᠴᠢᠯᠠᠬᠤ ᠶᠢᠨ ᠬᠠᠮᠲᠤ ᠨᠡᠮᠡᠭᠳᠡᠭᠦᠯᠵᠦ᠂ ᠲᠤᠰ ᠭᠠᠵᠠᠷ ᠤᠨ ᠢᠳᠡᠰᠢᠨ | ᠨᠣᠭᠤᠭ᠎ᠠ ᠶᠢᠨ ᠦᠨ᠎ᠡ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠲᠤᠰ ᠭᠠᠵᠠᠷ ᠤᠨ ᠢᠳᠡᠰᠢᠨ | ᠨᠣᠭᠤᠭ᠎ᠠ ᠶᠢᠨ ᠬᠥᠭᠵᠢᠯᠲᠡ ᠶᠢᠨ ᠵᠦᠢ ᠵᠣᠬᠢᠰᠲᠠᠢ ᠲᠥᠯᠥᠪᠵᠢᠭᠦᠯᠭᠡ ᠶᠢ ᠲᠣᠭᠲᠠᠭᠠᠵᠤ᠂ ᠲᠤᠰ ᠭᠠᠵᠠᠷ ᠤᠨ | ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠶᠡᠷᠦᠩᠬᠡᠢ ᠬᠡᠮᠵᠢᠶ᠎ᠡ ᠶᠢ ᠴᠢᠷᠮᠠᠶᠢᠨ ᠨᠡᠮᠡᠭᠳᠡᠭᠦᠯᠵᠦ᠂ ᠬᠦᠯᠡᠮᠵᠢ ᠶᠢᠨ | ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ ᠵᠣᠬᠢᠰᠲᠠᠢ ᠨᠡᠮᠡᠭᠳᠡᠭᠦᠯᠵᠦ᠂ ᠬᠡᠰᠡᠭ ᠢᠳᠡᠰᠢᠨ ᠨᠣᠭᠤᠭ᠎ᠠ ᠶᠢᠨ | ᠤᠯᠠᠷᠢᠯ ᠤᠨ ᠴᠢᠨᠠᠷᠲᠠᠢ ᠬᠤᠭᠤᠰᠣᠨ ᠢ ᠨᠥᠬᠦᠪᠥᠷᠢᠯᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢ | ᠪᠠᠲᠤᠯᠠᠵᠤ᠂ ᠬᠤᠳᠠ ᠶᠢᠨ ᠠᠷᠠᠳ ᠲᠤ ᠴᠢᠨᠠᠷ ᠰᠠᠶᠢᠲᠠᠢ ᠪᠥᠭᠡᠳ ᠲᠣᠬᠢᠷᠠᠮᠵᠢᠲᠠᠢ ᠨᠤᠲᠤᠭ ᠤᠨ ᠢᠳᠡᠰᠢᠨ ᠨᠣᠭᠤᠭ᠎ᠠ | ᠢᠳᠡᠭᠦᠯᠬᠦ ᠬᠡᠷᠡᠭᠲᠡᠢ᠃ 3. ᠲᠣᠮᠣ ᠬᠡᠯᠪᠡᠷᠢ ᠶᠢᠨ ᠢᠳᠡᠰᠢᠨ ᠨᠣᠭᠤᠭ᠎ᠠ ᠶᠢᠨ ᠬᠦᠢᠲᠡᠨ ᠬᠥᠮᠥᠷᠭᠡ ᠪᠣᠯᠤᠨ | ᠪᠠᠷᠠᠭ᠎ᠠ ᠶᠢᠨ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠢᠳᠡᠰᠢᠨ ᠨᠣᠭᠤᠭ᠎ᠠ ᠶᠢᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠬᠠᠳᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠵᠦ᠂ ᠬᠠᠳᠠᠭᠠᠯᠠᠯᠲᠠ ᠶᠢᠨ ᠬᠤᠷᠣᠭᠳᠠᠯ ᠪᠣᠯᠤᠨ | ᠬᠠᠳᠠᠭᠠᠯᠠᠬᠤ ᠥᠪᠡᠷ ᠤᠨ ᠥᠷᠲᠡᠭ ᠢ ᠪᠠᠭᠠᠰᠬᠠᠨ᠂ ᠲᠦᠢᠯ ᠤᠨ ᠴᠠᠭ ᠠᠭᠤᠷ ᠪᠤᠶᠤ ᠪᠠᠶᠢᠭᠠᠯᠢ ᠶᠢᠨ ᠭᠠᠮᠰᠢᠭ ᠤᠨ | ᠬᠡᠷᠡᠭ ᠡᠭᠦᠰᠬᠦ ᠦ᠊ ᠡᠶ᠎ᠡ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠬᠦᠷᠦᠯᠴᠡᠬᠦ ᠦᠭᠡᠶ ᠪᠣᠯᠬᠤ ᠠᠴᠠ ᠰᠡᠷᠭᠡᠶᠢᠯᠡᠨ᠂ | ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠴᠠᠭ ᠢᠮᠠᠭᠲᠠ ᠰᠠᠶᠢᠲᠤᠷ ᠬᠢᠬᠦ | ᠬᠡᠷᠡᠭᠲᠡᠶ |