ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/11/18
   ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 16 ᠤ ᠴᠠᠭᠢᠯᠭᠠᠨ ᠮᠡᠳᠡᠭᠡ   ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠨᠢᠢ ᠰᠧ ᠢ  ᠵᠢᠶᠠᠩ ᠶᠠᠨ︶ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠫᠧᠷᠦ᠋ ᠶᠢᠨ ᠯᠢᠮᠠ ᠶᠢᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃
1118习近平出席亚太经合组织第三十一次领导人非正式会议并发表重要讲话.jpg
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠫᠧᠷᠦ᠋ ᠶᠢᠨ ᠯᠢᠮᠠ ᠶᠢᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ ᠬᠤᠷᠠᠯ ᠤᠨ ᠲᠠᠯᠠᠪᠠᠶ ᠳᠤ ᠬᠦᠷᠬᠦ ᠳᠤ ᠶᠡᠷᠦᠩᠬᠡᠶᠢᠯᠡᠭᠴᠢ ᠪᠦᠷᠦ᠊ ᠆ ᠠᠷᠲ᠋ᠧ ᠬᠠᠯᠠᠭᠤᠨ ᠢᠶᠠᠷ ᠤᠭᠲᠤᠵᠠᠢ᠃ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠬᠤᠸᠠᠩ ᠵᠢᠩ ᠸᠧᠨ  ᠰᠡᠭᠦᠳᠡᠷᠯᠡᠪᠡ    ᠰᠢ ᠶᠢᠨ ᠫᠢᠩ ᠬᠤᠷᠠᠯ ᠤᠨ ᠲᠠᠯᠠᠪᠠᠶ ᠳᠤ ᠬᠦᠷᠬᠦ ᠳᠤ ᠶᠡᠷᠦᠩᠬᠡᠶᠢᠯᠡᠭᠴᠢ ᠪᠦᠷᠦ᠊ ᠆ ᠠᠷᠲ᠋ᠧ ᠬᠠᠯᠠᠭᠤᠨ ᠢᠶᠠᠷ ᠤᠭᠲᠤᠵᠠᠢ    ᠰᠢ ᠶᠢᠨ ᠫᠢᠩ ᠶᠠᠷᠢᠶᠠᠨ ᠳᠠᠭᠠᠨ᠂ ᠬᠡᠳᠦᠨ ᠠᠷᠪᠠᠨ ᠵᠢᠯ ᠤᠨ ᠲᠤᠷᠰᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠶᠡᠭᠡ ᠬᠥᠭᠵᠢᠯᠲᠡ᠂ ᠶᠡᠭᠡ ᠴᠡᠴᠡᠭᠯᠡᠯ᠂ ᠶᠡᠭᠡ ᠠᠭᠤᠰᠤᠯᠴᠠᠯ ᠢ ᠪᠡᠶᠡᠯᠡᠭᠦᠯᠬᠦ ᠶᠢ ᠳᠠᠶᠢᠴᠢᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠭᠦ ᠪᠥᠮᠪᠥᠷᠴᠡᠭ ᠤᠨ ᠠᠵᠤ ᠠᠬᠤᠢ ᠶᠢᠨ ᠬᠠᠮᠤᠭ ᠤᠨ ᠠᠮᠢᠵᠢᠷᠠᠯ ᠤᠨ ᠬᠦᠴᠦᠨ ᠲᠠᠢ ᠭᠠᠵᠠᠷ ᠣᠷᠣᠨ ᠪᠠ ᠭᠤᠣᠯ ᠪᠤᠯᠬᠤ ᠨᠡᠮᠡᠭᠳᠡᠯ ᠤᠨ ᠬᠥᠳᠡᠯᠭᠡᠭᠦᠷ ᠪᠤᠯᠭᠠᠬᠤ ᠶᠢ ᠠᠬᠢᠭᠤᠯᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠮᠲᠤᠷᠠᠯᠴᠠᠭ᠎ᠠ ᠴᠤ ᠭᠠᠵᠠᠷ ᠣᠷᠣᠨ ᠤ ᠤᠯᠤᠰ ᠳᠦᠷᠦ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠬᠡᠴᠡᠭᠦᠳᠡᠬᠦ ᠵᠡᠷᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠤᠯᠤᠰ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢᠨ ᠰᠢᠨ᠎ᠡ ᠴᠠᠭ ᠦᠶ᠎ᠡ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
1118习近平出席亚太经合组织第三十一次领导人非正式会议并发表重要讲话2.jpg
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠫᠧᠷᠦ᠋ ᠶᠢᠨ ᠯᠢᠮᠠ ᠶᠢᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡᠰᠢ ᠶᠢᠨ ᠫᠢᠩ ᠭᠤᠷᠪᠠᠨ ᠰᠠᠨᠠᠭᠤᠯᠭ᠎ᠠ ᠳᠤᠷᠠᠳᠪᠠ᠄    ᠨᠢᠭᠡ ᠳᠤ᠂ ᠨᠡᠭᠡᠭᠡᠯᠲᠡᠲᠡᠢ ᠠᠭᠤᠰᠤᠯᠴᠠᠨ ᠨᠡᠪᠲᠡᠷᠡᠯᠴᠡᠭᠰᠡᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠮᠲᠤᠷᠠᠯᠴᠠᠭᠠᠨ ᠤ ᠪᠠᠶᠢᠷᠢᠰᠢᠯ ᠢ ᠪᠠᠶᠢᠭᠤᠯᠤᠶ᠎ᠠ᠃ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠶᠡᠭᠡ ᠴᠢᠭᠯᠡᠯ ᠢ ᠪᠠᠷᠢᠮᠲᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠪᠣᠯᠣᠨ ᠬᠤᠯᠪᠣᠯᠳᠤᠨ ᠨᠡᠪᠲᠡᠷᠡᠯᠴᠡᠬᠦ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠶ᠎ᠠ᠃ ᠥᠨᠥᠳᠥᠷ ᠪᠢᠳᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠵᠢᠯᠤᠭᠤᠳᠬᠤ ᠪᠢᠴᠢᠭ ᠮᠠᠲ᠋ᠧᠷᠢᠶᠠᠯ ᠢ ᠪᠠᠲᠤᠯᠠᠨ᠎ᠠ᠂ ᠡᠨᠡ ᠨᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠶᠢ ᠢᠳᠡᠪᠬᠢᠲᠡᠢ ᠥᠷᠭᠡᠳᠬᠡᠵᠦ᠂ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠲᠣᠭᠠᠴᠢᠯᠠᠯᠳᠠ ᠪᠠ ᠪᠣᠬᠢᠷᠳᠤᠯ ᠦᠭᠡᠢ ᠶᠢᠨ ᠬᠦᠷᠢᠶᠡᠨ ᠳᠠᠬᠢ ᠠᠷᠠᠯᠵᠢᠶᠠᠨ ᠤ ᠬᠡᠯᠡᠯᠴᠡᠭᠡᠷ ᠢ ᠰᠦᠪᠡᠭᠴᠢᠯᠡᠨ ᠵᠥᠪᠳᠡᠯᠴᠡᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠦᠷᠭᠦᠯᠵᠢᠯᠡᠨ ᠥᠷᠭᠡᠳᠬᠡᠨ᠎ᠡ᠃    ᠬᠤᠶᠠᠷ ᠲᠤ᠂ ᠪᠣᠬᠢᠷᠳᠤᠯ ᠦᠭᠡᠢ ᠰᠢᠨ᠎ᠡ ᠶᠢ ᠡᠭᠦᠳᠬᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠨᠡᠮᠡᠭᠳᠡᠯ ᠤᠨ ᠬᠥᠳᠡᠯᠭᠡᠬᠦ ᠬᠦᠴᠦᠨ ᠢ ᠪᠣᠶᠢᠵᠢᠭᠤᠯᠤᠶ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠭᠢᠶᠠᠯ ᠢ ᠪᠠᠲᠤ ᠡᠵᠡᠮᠳᠡᠵᠦ᠂ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ ᠤᠨ ᠮᠡᠳᠡᠭᠡ ᠵᠠᠩᠭᠢ᠂ ᠠᠮᠢ ᠨᠠᠰᠤ ᠡᠷᠡᠭᠦᠯ ᠮᠡᠨᠳᠦ ᠵᠡᠷᠭᠡ ᠬᠤᠰᠢᠭᠤᠷᠠᠯ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠦᠢᠯᠡᠳᠪᠦᠷᠢᠯᠡᠯ ᠤᠨ ᠬᠦᠴᠦᠨ ᠤ ᠦᠰᠦᠷᠦᠯᠲᠡ ᠶᠢ ᠠᠬᠢᠭᠤᠯᠤᠶ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ ᠲᠣᠭᠠᠴᠢᠯᠠᠭᠰᠠᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠠᠮᠵᠢᠯᠴᠠᠨ ᠬᠦᠴᠦᠯᠡᠨ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠶ᠎ᠠ᠃ ᠳᠤᠮᠳᠠᠳᠤ ᠤᠯᠤᠰ ᠶᠠᠭ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠡᠯ᠎ᠡ ᠲᠠᠯ᠎ᠠ ᠶᠢᠨ ᠬᠢᠨ ᠤ ᠪᠣᠬᠢᠷᠳᠤᠯ ᠦᠭᠡᠢ ᠰᠢᠨ᠎ᠡ ᠶᠢ ᠡᠭᠦᠳᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠪᠠᠶᠢᠨ᠎ᠠ᠃ ᠳᠤᠮᠳᠠᠳᠤ ᠤᠯᠤᠰ ︽ᠪᠦᠭᠦ ᠪᠥᠮᠪᠥᠷᠴᠡᠭ ᠤᠨ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠬᠠᠮᠲᠤᠷᠠᠯᠴᠠᠭᠠᠨ ᠤ ᠰᠠᠨᠠᠭᠠᠴᠢᠯᠠᠭ᠎ᠠ︾ ᠶᠢ ᠨᠡᠶᠢᠲᠡᠯᠡᠵᠦ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠨᠳᠥᠷ ᠪᠦᠲᠦᠮᠵᠢᠲᠡᠢ᠂ ᠳᠥᠭᠦᠮ ᠲᠦᠷᠭᠡᠨ᠂ ᠠᠮᠤᠷ ᠲᠦᠪᠰᠢᠨ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠶᠢ ᠬᠠᠮᠲᠤ ᠪᠠᠷ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃    ᠭᠤᠷᠪᠠ ᠳᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠶ᠎ᠠ᠃ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠠᠵᠤ ᠠᠬᠤᠢ ᠶᠢᠨ ᠴᠣᠭᠴᠠ ᠪᠣᠯᠣᠨ ᠪᠠᠭᠤᠷᠠᠶᠢᠴᠤᠤᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠦᠷ᠎ᠡ ᠠᠰᠢᠭ ᠢ ᠬᠠᠮᠲᠤ ᠪᠠᠷ ᠪᠤᠵᠠᠭᠠᠶᠢᠷᠠᠭᠤᠯᠤᠨ ᠰᠠᠶᠢᠲᠤᠷ ᠬᠤᠪᠢᠶᠠᠵᠤ᠂ ᠨᠡᠩ ᠤᠯᠠᠨ ᠠᠵᠤ ᠠᠬᠤᠢ ᠶᠢᠨ ᠴᠣᠭᠴᠠ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠶ᠎ᠡ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠭᠦ᠂ ᠳᠤᠮᠳᠠ ᠪᠠᠭ᠎ᠠ ᠠᠵᠤ ᠠᠬᠤᠶᠢᠯᠠᠯ ᠤᠨ ᠪᠦᠯᠦᠭᠵᠢᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠵᠡᠷᠭᠡ ᠰᠠᠨᠠᠭᠠᠴᠢᠯᠠᠭ᠎ᠠ ᠶᠢ ᠬᠡᠷᠡᠭᠵᠢᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ 2026 ᠣᠨ ᠤ ᠡᠷᠭᠢᠯᠡᠭᠴᠢ ᠤᠯᠤᠰ ᠤᠨ ᠲᠤᠰᠢᠶᠠᠯ ᠢ ᠬᠠᠷᠢᠭᠤᠴᠠᠨ᠎ᠠ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠷᠠᠳ ᠲᠦᠮᠡᠨ ᠳᠤ ᠪᠤᠶᠠᠨ ᠦᠢᠯᠡᠳᠬᠦ ᠶᠢ ᠬᠦᠰᠡᠨ ᠬᠦᠯᠢᠶᠡᠵᠦ ᠪᠠᠶᠢᠨ᠎ᠠ᠃
1118习近平出席亚太经合组织第三十一次领导人非正式会议并发表重要讲话3.jpg
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠫᠧᠷᠦ᠋ ᠶᠢᠨ ᠯᠢᠮᠠ ᠶᠢᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ     ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠪᠣᠯᠣᠨ ᠳᠡᠯᠡᠬᠡᠢ ᠶᠢᠨ ᠬᠠᠮᠲᠤ ᠶᠢᠨ ᠬᠥᠭᠵᠢᠯᠲᠡ ᠲᠠᠪᠰᠢᠯᠳᠠ ᠶᠢᠨ ᠲᠡᠦᠬᠡᠨ ᠠᠬᠢᠴᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ 300 ᠭᠠᠷᠤᠢ ᠵᠦᠢᠯ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠵᠡᠷᠭᠡ ᠡᠯ᠎ᠡ ᠬᠦᠷᠢᠶᠡᠨ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠳᠤᠮᠳᠠᠳᠤ ᠤᠯᠤᠰ ᠤᠨ ᠬᠥᠭᠵᠢᠯᠲᠡ ᠨᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠠ ᠳᠡᠯᠡᠬᠡᠢ ᠶᠢᠨ ᠬᠥᠭᠵᠢᠯᠲᠡ ᠳᠤ ᠨᠡᠩ ᠤᠯᠠᠨ ᠰᠢᠨ᠎ᠡ ᠠᠵᠠ ᠲᠣᠭᠢᠶᠠᠯ ᠬᠠᠩᠭᠠᠬᠤ ᠪᠣᠯᠣᠨ᠎ᠠ᠃ ᠳᠤᠮᠳᠠᠳᠤ ᠤᠯᠤᠰ ᠡᠯ᠎ᠡ ᠲᠠᠯ᠎ᠠ ᠶᠢᠨ ᠬᠢᠨ ᠤ ᠦᠷᠭᠦᠯᠵᠢᠯᠡᠨ ᠳᠤᠮᠳᠠᠳᠤ ᠤᠯᠤᠰ ᠤᠨ ᠬᠥᠭᠵᠢᠯᠲᠡ ᠶᠢᠨ ᠲᠦᠷᠭᠡᠨ ᠤ ᠲᠡᠷᠭᠡᠨ ᠳᠤ ᠰᠠᠭᠤᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃     ᠬᠤᠷᠠᠯ ᠢ ᠫᠧᠷᠦ᠋ ᠶᠢᠨ ᠶᠡᠷᠦᠩᠬᠡᠶᠢᠯᠡᠭᠴᠢ ᠪᠦᠷᠦ᠊ ᠆ ᠠᠷᠲ᠋ᠧ ᠡᠷᠭᠢᠯᠡᠵᠦ᠂ ︽ᠬᠦᠴᠦᠨ ᠣᠯᠭᠤᠬᠤ᠂ ᠪᠠᠭᠲᠠᠭᠠᠮᠵᠢᠲᠠᠢ᠂ ᠨᠡᠮᠡᠭᠳᠡᠯ︾ ᠢᠶᠠᠷ ᠭᠤᠣᠯ ᠰᠡᠳᠦᠪ ᠪᠣᠯᠭᠠᠪᠠ᠃    ᠬᠤᠷᠠᠯ ᠠᠴᠠ ︽2024 ᠣᠨ ᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠮᠠᠴᠦ᠋ᠫᠢᠺᠴᠦ᠋ ᠶᠢᠨ ᠲᠤᠩᠬᠠᠭ︾᠂ ︽ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ ᠵᠥᠪᠯᠡᠬᠦ ᠵᠦᠢᠯᠡᠰ ᠤᠨ ᠰᠢᠨ᠎ᠡ ᠪᠠᠷᠠᠯᠠᠯ ᠤᠨ ᠲᠤᠬᠠᠢ ᠢᠯᠡᠷᠬᠡᠶᠢᠯᠡᠯᠲᠡ︾ ᠪᠣᠯᠣᠨ ︽ᠵᠢᠩᠬᠢᠨᠢᠴᠢᠯᠡᠭᠰᠡᠨ ᠪᠠ ᠪᠦᠭᠦ ᠪᠥᠮᠪᠥᠷᠴᠡᠭ ᠤᠨ ᠠᠵᠤ ᠠᠬᠤᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠯᠢᠮᠠ ᠶᠢᠨ ᠵᠠᠮ ᠱᠤᠭᠤᠮ ᠤᠨ ᠵᠢᠷᠤᠭ︾ ᠵᠡᠷᠭᠡ ᠭᠤᠷᠪᠠᠨ ᠦᠷ᠎ᠡ ᠪᠦᠲᠦᠭᠡᠯ ᠤᠨ ᠪᠢᠴᠢᠭ ᠮᠠᠲ᠋ᠧᠷᠢᠶᠠᠯ ᠢ ᠨᠡᠶᠢᠲᠡᠯᠡᠪᠡ᠃
1118习近平出席亚太经合组织第三十一次领导人非正式会议并发表重要讲话4.jpg
ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠫᠧᠷᠦ᠋ ᠶᠢᠨ ᠯᠢᠮᠠ ᠶᠢᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠠᠵᠤ ᠠᠬᠤᠢ ᠶᠢᠨ ᠴᠣᠭᠴᠠ ᠶᠢᠨ ᠤᠳᠤᠷᠢᠳᠬᠤ ᠬᠥᠮᠥᠰ᠂ ᠲᠥᠯᠥᠭᠡᠯᠡᠭᠴᠢᠳ ᠲᠠᠢ ᠬᠠᠮᠲᠤ ᠰᠡᠭᠦᠳᠡᠷ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠬᠤᠸᠠᠩ ᠵᠢᠩ ᠸᠧᠨ  ᠰᠡᠭᠦᠳᠡᠷᠯᠡᠪᠡ 15 ᠤ ᠣᠷᠣᠢ᠂ ᠰᠢ ᠶᠢᠨ ᠫᠢᠩ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠤᠨ ᠤᠭᠲᠤᠬᠤ ᠳᠠᠶᠢᠯᠠᠯᠭ᠎ᠠ ᠳᠤ ᠣᠷᠣᠯᠴᠠᠪᠠ᠃ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号