︽ᠪᠠᠭᠠᠷᠢᠨ ᠵᠡᠭᠦᠨ ᠬᠤᠰᠢᠭᠤᠨ ᠤ 2024 ᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠰᠠᠨᠠᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/19
   ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠯᠠᠬᠤ ᠠᠵᠤ ᠦᠢᠯᠡᠰ ᠪᠠ ᠤᠨᠴᠠᠯᠢᠬᠳᠤ ᠠᠵᠤ ᠦᠢᠯᠡᠰ ᠤᠨ ᠨᠠᠩ ᠰᠠᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠢᠳᠡ 2023᠎ ᠤᠨ ᠵᠢᠴᠢ ᠲᠡᠭᠦᠨ ᠠᠴᠠ ᠡᠮᠦᠨᠡᠬᠢ ᠣᠨ ᠤ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠳᠣᠭᠢᠷᠠᠭᠤᠯᠪᠠ᠃ ︽ᠪᠠᠭᠠᠷᠢᠨ ᠵᠡᠭᠦᠨ ᠬᠤᠰᠢᠭᠤᠨ ᠤ 2024 ᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠰᠠᠨᠠᠯ︾᠎ ᠨᠢ ᠨᠡᠶᠢᠲᠡ 22 ᠵᠦᠢᠯ ᠪᠠᠶᠢᠵᠤ᠂ ᠡᠭᠦᠨ ᠳᠤ ᠠᠯᠠᠰᠢᠨ ᠦᠬᠡᠷ 7᠂ ᠠᠯᠠᠰᠢᠨ ᠡᠯᠵᠢᠭᠡ 5᠂ ᠲᠥᠬᠦᠭᠡᠷᠦᠮᠵᠢᠲᠦ ᠲᠠᠷᠢᠶᠠᠯᠠᠩ 4᠂ ᠬᠢᠲᠠᠳ ᠡᠮ ᠤᠨ ᠮᠠᠲ᠋ᠧᠷᠢᠶᠠᠯ 5᠂ ᠨᠡᠶᠢᠳᠡᠮ ᠬᠡᠷᠡᠭᠯᠡᠬᠦ ᠵᠦᠢᠯ 1 ᠪᠣᠶ᠃
   
ᠠᠯᠠᠰᠢᠨ ᠦᠬᠡᠷ ᠤᠨ ᠠᠵᠤ ᠦᠢᠯᠡᠰ ᠤᠨ ᠲᠠᠯ᠎ᠠ ᠪᠠᠷ᠃ ︽ᠠᠯᠲᠠᠨ ᠦᠬᠡᠷ ᠤᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠵᠢᠭᠡᠯᠡᠯᠭᠡ ᠶᠢ ᠠᠰᠢᠭᠯᠠᠨ ᠰᠠᠭᠤᠷᠢ ᠡᠬᠡ ᠮᠠᠯ᠂ ᠯᠠᠷᠵᠢᠶ᠎ᠠ ᠦᠬᠡᠷ ᠢ ᠬᠤᠳᠠᠯᠳᠤᠨ ᠠᠪᠬᠤ ᠮᠠᠯᠵᠢᠬᠤ ᠲᠠᠷᠢᠶᠠᠯᠠᠬᠤ ᠡᠷᠦᠬᠡ ᠳᠤ ᠳᠠᠮ ᠬᠦᠦ ᠶᠢᠨ ᠳᠡᠮᠵᠢᠯᠭᠡ ᠦᠵᠡᠭᠦᠯᠵᠦ᠂ ᠮᠠᠯᠵᠢᠬᠤ ᠲᠠᠷᠢᠶᠠᠯᠠᠬᠤ ᠡᠷᠦᠬᠡ ᠥᠪᠡᠰᠦᠪᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ︵ᠪᠣᠷᠳᠣᠬᠤ︶ ᠵᠢᠵᠢᠭ ᠲᠣᠭᠤᠷᠢᠭ ᠢ ᠥᠪᠡᠰᠦᠪᠡᠨ ᠪᠠᠶᠢᠭᠤᠯᠤᠭᠰᠠᠨ ᠪᠠᠶᠢᠪᠠᠯ᠂ ᠲᠠᠯᠠᠪᠠᠶ᠂ ᠤᠰᠤ ᠴᠠᠬᠢᠯᠭᠠᠨ ᠬᠡᠯᠬᠢᠶ᠎ᠡ᠂ ᠢᠯᠭᠠᠳᠠᠰᠤᠨ ᠪᠤᠬᠢᠷᠳᠤᠯ ᠢ ᠰᠢᠢᠳᠪᠦᠷᠢᠯᠡᠬᠦ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠡᠮᠵᠢᠯᠭᠡ ᠦᠵᠡᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠤᠨ ᠠᠮᠢᠲᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ ᠪᠦᠯᠬᠦᠮ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠡᠭᠡᠯᠢᠯᠡᠭᠡ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠦᠨ᠂ ᠰᠠᠶᠢᠵᠢᠷᠠᠭᠤᠯᠤᠭᠴᠢ ᠳᠤ ᠰᠢᠩᠭᠡᠨ ᠠᠽᠣᠲ᠂ ᠢᠴᠡᠭᠡᠯ ᠦᠷ᠎ᠡ ᠵᠡᠷᠭᠡ ᠰᠠᠶᠢᠵᠢᠷᠠᠭᠤᠯᠬᠤ ᠡᠳ᠋ ᠪᠣᠳᠠᠰ ᠤᠨ ᠳᠡᠮᠵᠢᠯᠭᠡ ᠶᠢ ᠲᠥᠯᠥᠪᠦᠷᠢ ᠦᠭᠡᠶ ᠪᠠᠷ ᠣᠯᠭᠤᠵᠤ᠂ ᠠᠯᠠᠰᠢᠨ ᠦᠬᠡᠷ ᠤᠨ ᠰᠠᠭᠤᠷᠢ ᠳ᠋ᠠᠶᠢᠲ᠋ᠠ ᠬᠥᠮᠥᠷᠭᠡ ᠪᠣᠯᠤᠨ ᠦᠷᠡᠵᠢᠬᠦ ᠦᠨᠢᠶᠡᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠰᠠᠶᠢᠵᠢᠷᠠᠭᠤᠯᠬᠤ ᠳ᠋ᠠᠶᠢᠲ᠋ᠠ ᠬᠥᠮᠥᠷᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃
   ᠠᠯᠠᠰᠢᠨ
ᠡᠯᠵᠢᠭᠡ ᠶᠢᠨ ᠠᠵᠤ ᠦᠢᠯᠡᠰ ᠤᠨ ᠲᠠᠯ᠎ᠠ ᠪᠠᠷ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠵᠣᠬᠢᠴᠠᠭᠤᠯᠵᠤ ᠪᠠᠶᠢᠭᠠᠳ ︽ᠠᠯᠲᠠᠨ ᠯᠤᠤ ᠵᠢᠭᠡᠯᠡᠯᠭᠡ︾ ᠪᠠᠶᠢᠭᠤᠯᠵᠤ᠂ ᠪᠠᠷᠢᠮᠵᠢᠶ᠎ᠠ ᠶᠢ ᠬᠡᠷᠡᠭᠵᠢᠭᠦᠯᠬᠦ ᠵᠡᠷᠭᠡ ᠶᠢ ︽ᠠᠯᠲᠠᠨ ᠦᠬᠡᠷ ᠤᠨ ᠵᠢᠭᠡᠯᠡᠯᠭᠡ︾᠎ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠡᠷᠦᠬᠡ ᠥᠪᠡᠰᠦᠪᠡᠨ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠪᠠᠶᠢᠭᠤᠯᠤᠭᠰᠠᠨ ᠪᠠᠶᠢᠪᠠᠯ᠂ ᠬᠤᠰᠢᠭᠤᠨ ᠵᠠᠰᠠᠭ ᠤᠨ ᠣᠷᠳᠣᠨ ᠠᠴᠠ ᠲᠠᠯᠠᠪᠠᠶ᠂ ᠤᠰᠤ ᠴᠠᠬᠢᠯᠭᠠᠨ ᠬᠡᠯᠬᠢᠶ᠎ᠡ᠂ ᠢᠯᠭᠠᠳᠠᠰᠤᠨ ᠪᠤᠬᠢᠷᠳᠤᠯ ᠢ ᠰᠢᠢᠳᠪᠦᠷᠢᠯᠡᠬᠦ ᠵᠡᠷᠭᠡ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠡᠮᠵᠢᠯᠭᠡ ᠦᠵᠡᠭᠦᠯᠦᠨ᠎ᠡ᠃ ᠡᠬᠡ ᠡᠯᠵᠢᠭᠡ ᠶᠢᠨ ᠰᠠᠭᠤᠷᠢ ᠳᠠᠭᠠᠳᠬᠠᠯ ᠢ ᠢᠳᠡᠪᠬᠢᠲᠡᠢ ᠨᠠᠶᠢᠳᠠᠪᠤᠷᠢᠵᠢᠭᠤᠯᠤᠨ᠎ᠠ᠃ ᠹᠦ᠋ ᠾᠧ ᠪᠠᠯᠭᠠᠰᠤᠨ ᠤ ᠰᠠᠭᠤᠷᠢ ᠡᠮ᠎ᠡ ᠡᠯᠵᠢᠭᠡ ᠶᠢᠨ ᠲᠤᠭ᠎ᠠ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠰᠡᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠰᠢᠯᠭᠠᠨ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠪᠣᠯ ᠭᠠᠵᠠᠷ ᠪᠣᠯᠭᠠᠨ ᠳᠤ ᠨᠥᠬᠦᠪᠥᠷᠢ ᠮᠥᠩᠭᠦ ᠣᠯᠭᠤᠬᠤ ᠶᠢᠨ ᠬᠠᠮᠲᠤ ᠰᠢᠯᠢᠳᠡᠭ ᠵᠠᠰᠠᠮᠵᠢᠯᠠᠭᠴᠢ ᠳᠤ ᠨᠥᠬᠦᠪᠥᠷᠢ ᠥᠭᠭᠦᠨ᠎ᠡ᠃
   ᠲᠥᠬᠦᠭᠡᠷᠦᠮᠵᠢ ᠶᠢᠨ ᠲᠠᠷᠢᠶᠠᠯᠠᠩ ᠤᠨ
ᠲᠠᠯ᠎ᠠ ᠪᠠᠷ᠃ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢ ᠳᠤ ᠬᠦᠢᠲᠡᠨ ᠰᠠᠷᠠᠪᠴᠢ ᠶᠢ ︽ᠠᠯᠲᠠᠨ ᠰᠠᠷᠠᠪᠴᠢᠲᠤ ᠵᠢᠭᠡᠯᠡᠯᠭᠡ︾᠎ ᠶᠢᠨ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠨᠠᠶᠢᠳᠠᠪᠤᠷᠢᠵᠢᠭᠤᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠭᠠᠵᠠᠷ ᠰᠢᠷᠣᠶ ᠶᠢ ᠠᠰᠢᠭᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠨᠢᠭᠡᠳᠦᠯᠲᠡᠶ ᠪᠥᠲᠥᠭᠡᠨ ᠪᠠᠶᠢᠭᠤᠯᠤᠭᠰᠠᠨ ᠪᠡᠯᠡᠳᠬᠡᠮᠵᠢ ᠳᠤ ᠬᠦᠢᠲᠡᠨ ᠰᠠᠷᠠᠪᠴᠢ ᠶᠢ ᠭᠠᠳᠠᠭᠰᠢ ᠲᠦᠷᠢᠶᠡᠰᠦᠯᠡᠭᠦᠯᠵᠦ᠂ ᠲᠦᠷᠢᠶᠡᠰᠦᠯᠡᠭᠦᠯᠬᠦ ᠪᠠᠯᠠ ᠮᠥᠩᠭᠦ ᠶᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠨ᠎ᠡ᠃ ᠮᠠᠯᠵᠢᠬᠤ ᠲᠠᠷᠢᠶᠠᠯᠠᠬᠤ ᠡᠷᠦᠬᠡ ᠶᠢᠨ ᠥᠪᠡᠰᠦᠪᠡᠨ ᠪᠠᠶᠢᠭᠤᠯᠤᠭᠰᠠᠨ 100 ᠮᠦ ᠠᠴᠠ ᠳᠡᠭᠡᠭᠰᠢ ᠪᠡᠯᠡᠳᠬᠡᠮᠵᠢᠲᠦ ᠬᠦᠢᠲᠡᠨ ᠰᠠᠷᠠᠪᠴᠢ ᠶᠢᠨ ᠣᠷᠣᠨ ᠳᠤ ᠰᠠᠭᠤᠷᠢ ᠪᠡᠯᠡᠳᠬᠡᠮᠵᠢ ᠶᠢ ᠢᠵᠢ ᠪᠥᠷᠢᠳᠦᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠠᠵᠢᠯ ᠤᠨ ᠢᠳᠡᠪᠬᠢ ᠴᠢᠨᠠᠷ ᠢᠶᠠᠷ ᠴᠢᠩᠭ᠎ᠠ᠂ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢᠨ ᠡᠮᠦᠨ᠎ᠡ 3 ᠨᠡᠷᠡᠰ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠪᠠᠭ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃
   ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠃ ︽ᠠᠯᠲᠠᠨ ᠡᠮ ᠤᠨ ᠳᠠᠭᠠᠳᠬᠠᠯ︾᠎ ᠢ
ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠳᠠᠭᠠᠳᠬᠠᠯ ᠤᠨ ᠺᠣᠮᠫᠠᠨᠢ ᠠᠴᠠ ᠠᠰᠢᠭ ᠣᠯᠭᠤᠬᠤ ᠬᠡᠯᠪᠡᠷᠢ ᠶᠢ ᠠᠪᠴᠤ᠂ ᠬᠢᠲᠠᠳ ᠡᠮ ᠤᠨ ᠮᠠᠲ᠋ᠧᠷᠢᠶᠠᠯ ᠳᠠᠷᠢᠬᠤ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠣᠯᠭᠤᠨ᠎ᠠ᠃ ᠰᠠᠨ ᠱᠠᠨ ᠰᠢᠶᠠᠩ ᠤᠨ ᠣᠲᠣ ᠦᠶ᠎ᠡ ᠶᠢᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠬᠤ ᠶᠢ ᠳᠡᠮᠵᠢᠵᠦ᠂ ᠬᠦᠷᠢᠶᠡᠯᠡᠩ ᠲᠣᠭᠤᠷᠢᠭ ᠤᠨ ᠵᠣᠬᠢᠶᠠᠨ ᠪᠠᠶᠢᠭᠤᠯᠵᠤ ᠴᠢᠬᠢ ᠪᠤᠶᠢᠵᠢᠭᠤᠯᠤᠭᠰᠠᠨ ᠲᠠᠷᠢᠶᠠᠴᠢᠨ ᠡᠷᠦᠬᠡ ᠳᠤ ᠰᠠᠭᠤᠷᠢ ᠪᠦᠷᠢ ᠳᠤ ᠪᠠᠯᠠ ᠮᠥᠩᠭᠦ ᠶᠢᠨ ᠨᠥᠬᠦᠪᠥᠷᠢ ᠣᠯᠭᠤᠨ᠎ᠠ᠃ ᠴᠢᠨᠠᠷ ᠰᠠᠶᠢᠲᠠᠶ ᠬᠢᠲᠠᠳ ᠡᠮ ᠤᠨ ᠮᠠᠲ᠋ᠧᠷᠢᠶᠠᠯ ᠤᠨ ᠲᠦᠷᠦᠯ ᠳᠡᠮᠳᠡᠭᠵᠢᠬᠦᠯᠬᠦ ᠪᠠᠶᠢᠭᠤᠯᠤᠯᠳᠠ ᠶᠢ ᠲᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠲᠤ ᠳᠣᠤᠷ᠎ᠠ ᠬᠦᠦ ᠲᠠᠢ ᠵᠢᠭᠡᠯᠡᠯᠭᠡ ᠪᠣᠯᠤᠨ ᠡᠳ᠋ ᠤᠨ ᠵᠠᠰᠠᠭ ᠠᠴᠠ ᠳᠠᠮ ᠬᠦᠦ ᠥᠭᠬᠦ ᠲᠥᠷᠥ ᠶᠢᠨ ᠪᠣᠳᠣᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ ᠳᠠᠷᠢᠬᠤ ᠠᠵᠢᠯ ᠢ ᠳᠥᠯᠭᠢᠨ ᠠᠬᠢᠭᠤᠯᠬᠤ ᠪᠦᠬᠦᠯᠢ ᠴᠣᠭᠴᠠ ᠶᠢᠨ ᠳᠠᠶᠢᠴᠢᠯᠠᠯᠲᠠ ᠶᠢᠨ ᠦᠷ᠎ᠡ ᠪᠦᠲᠦᠮᠵᠢ ᠪᠠᠷ ᠰᠠᠶᠢᠨ᠂ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢᠨ ᠡᠮᠦᠨ᠎ᠡ 3 ᠨᠡᠷᠡᠰ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠪᠠᠭ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃
   ᠨᠡᠶᠢᠳᠡᠮ ᠬᠡᠷᠡᠭᠯᠡᠬᠦ ᠵᠦ᠋ᠶ᠋ᠯ ᠵᠤᠷᠪᠤᠰ ᠤᠨ ᠲᠠᠯ᠎ᠠ ᠪᠠᠷ᠃ ︽ᠬᠤᠶᠠᠷ ᠪᠦᠲᠦᠭᠡᠭᠳᠡᠬᠦᠨ
ᠨᠢᠭᠡ ᠲᠡᠮᠳᠡᠭ︾ ︽ᠨᠠᠷᠠᠲᠤ ᠰᠢᠯᠢᠳᠡᠭ ᠣᠨᠴᠠ ᠰᠢᠨ᠎ᠡ︾ ︽ᠣᠨᠴᠠ ᠴᠢᠨᠠᠷ ᠪᠥᠬᠦᠶ ᠲᠠᠷᠢᠶᠠᠯᠠᠩ ᠤᠨ ᠪᠦᠲᠦᠭᠡᠭᠳᠡᠬᠦᠨ︾ ᠪᠠ ᠤᠯᠤᠰ ᠤᠨ ᠨᠠᠷᠠᠲᠤ ᠲᠠᠸᠠᠷ ᠤᠨ ᠲᠡᠮᠳᠡᠭ ᠤᠨ ᠭᠡᠷᠡᠴᠢᠯᠡᠯ ᠢ ᠣᠯᠤᠭᠰᠠᠨ ᠦᠢᠯᠡᠳᠬᠦᠨ ᠪᠤᠶᠤ ᠠᠵᠤ ᠠᠬᠤᠶᠢᠯᠠᠯ ᠳᠤ 2 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠡᠭᠦᠨ ᠢᠶᠠᠷ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠭᠡᠷᠡᠴᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ ᠬᠤᠯᠪᠣᠭᠳᠠᠬᠤ ᠪᠢᠴᠢᠭ ᠮᠠᠲ᠋ᠧᠷᠢᠶᠠᠯ᠄http://www.blzq.gov.cn/zfxxgk/fdzdgknr/zfwj/202405/t20240509_2315413.html
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号