ᠨᠢᠭᠡ᠂ ᠠᠵᠢᠯ ᠤᠨ ᠠᠬᠤᠢ ᠪᠠᠶᠢᠳᠠᠯ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ | ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ᠪᠥᠬᠦ | ᠬᠤᠰᠢᠭᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ | ᠬᠤᠭᠤᠴᠠᠭ᠎ᠠ ᠲᠠᠢ ᠪᠠᠷ ᠢᠯᠭᠠᠷᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ︽ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠠᠭᠠᠨᠬᠠᠳᠠ | ᠵᠠᠰᠠᠭ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ | ᠬᠤᠰᠢᠭᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ | ᠢᠯᠭᠠᠷᠠᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠬᠤᠶᠠᠷ᠂ ᠢᠯᠭᠠᠷᠠᠭᠤᠯᠬᠤ ᠬᠡᠪᠴᠢᠶ᠎ᠡ ᠨᠢᠭᠡ ᠳᠤ᠂ | 2022 ᠣᠨ ᠤ 1 ᠰᠠᠷ᠎ᠠ ᠶᠢᠨ 1 ᠤ ᠡᠳᠦᠷ ᠠᠴᠠ ᠨᠠᠰᠢ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ | ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠭᠤᠤᠯᠳᠠᠯᠭ᠎ᠠ ᠲᠠᠢ ᠠᠷᠢᠯᠭᠠᠨ᠎ᠠ᠃ ᠬᠤᠶᠠᠷ ᠲᠤ᠂ 2021 ᠣᠨ ᠤ 12 | ᠰᠠᠷ᠎ᠠ ᠶᠢᠨ 31 ᠤ ᠡᠳᠦᠷ ᠠᠴᠠ ᠡᠮᠦᠨ᠎ᠡ ᠳᠠᠷᠤᠮᠠᠯᠯᠠᠨ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠳᠤ ︽ᠡᠷᠭᠢᠵᠦ ᠦᠵᠡᠬᠦ︾ ᠬᠡᠷᠡᠭᠲᠡᠶ᠃ ᠭᠤᠷᠪᠠ ᠳᠤ᠂ ᠬᠤᠰᠢᠭᠤᠨ ᠤ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠠᠴᠠ ᠲᠣᠭᠲᠠᠭᠠᠨ ᠲᠠᠷᠬᠠᠭᠠᠭᠰᠠᠨ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃ ᠭᠤᠷᠪᠠ᠂ ᠴᠡᠭᠴᠡᠯᠡᠬᠦ | ᠪᠠᠷᠢᠮᠵᠢᠶ᠎ᠠ ︵ᠨᠢᠭᠡ︶ ᠪᠡᠶᠡᠴᠢ ᠴᠣᠭᠴᠠ ᠶᠢᠨ ᠬᠢᠷᠢ ᠭᠡᠮ ᠢ ᠪᠦᠷᠢᠯᠳᠦᠭᠦᠯᠦᠭᠡᠳᠦᠶ ᠵᠣᠬᠢᠶᠠᠨ ᠪᠠᠶᠢᠭᠤᠯᠤᠯᠲᠠ᠂ | ᠪᠠᠶᠢᠭᠤᠯᠤᠮᠵᠢ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃ ᠪᠣᠳᠠᠲᠠᠶ ᠪᠠᠷ ᠬᠡᠯᠡᠪᠡᠯ᠂ 1. | ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠦᠷ ᠴᠠᠭ ᠤᠨ ᠪᠠᠶᠢᠭᠤᠯᠤᠮᠵᠢ ᠶᠢ ᠲᠣᠭᠲᠠᠭᠠᠬᠤ︔ 2. ᠬᠠᠤᠯᠢ | ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ | ᠮᠥᠴᠢᠷ ᠤᠨ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠠᠴᠠ | ᠲᠣᠭᠲᠠᠭᠠᠬᠤ︔ 3. ᠲᠣᠭᠲᠠᠭᠠᠭᠰᠠᠨ ᠬᠢᠷᠢ ᠬᠡᠮ ᠦᠭᠡᠢ ᠪᠤᠰᠤᠳ ᠪᠠᠶᠢᠭᠤᠯᠭ᠎ᠠ ᠶᠢ ᠲᠣᠭᠲᠠᠭᠠᠬᠤ᠃ ᠳᠡᠭᠡᠷ᠎ᠡ | ᠳᠤᠷᠠᠳᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠦᠨᠡᠨᠬᠦ ᠴᠢᠬᠤᠯᠠ ᠲᠠᠢ ᠪᠣᠯ ᠪᠣᠳᠠᠲᠠᠶ | ᠭᠤᠤᠯ ᠴᠣᠭᠴᠠ ᠶᠢᠨ ᠬᠢᠷᠢ ᠭᠡᠮ ᠤᠨ ᠭᠤᠤᠯ ᠴᠣᠭᠴᠠ ᠠᠴᠠ ᠲᠣᠭᠲᠠᠭᠠᠵᠤ ᠶᠠᠪᠤᠭᠤᠯᠬᠤ ᠬᠡᠷᠡᠭᠲᠡᠶ᠃ ︵ᠬᠤᠶᠠᠷ | ︶ ᠠᠭᠤᠯᠭ᠎ᠠ ᠨᠢ ᠬᠠᠤᠯᠢ ᠳᠤ ᠲᠣᠭᠲᠠᠭᠠᠭᠰᠠᠨ ᠡᠷᠬᠡ ᠮᠡᠳᠡᠯ ᠠᠴᠠ ᠳᠠᠪᠠᠭᠰᠠᠨ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ᠃ ᠪᠣᠳᠠᠲᠠᠶ ᠪᠠᠭᠲᠠᠬᠤ ᠨᠢ᠄ 1. ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠨᠢ ᠰᠠᠯᠠᠭ᠎ᠠ | ᠮᠥᠴᠢᠷ ᠤᠨ ᠡᠭᠦᠷᠭᠡ ᠴᠢᠳᠠᠪᠤᠷᠢ ᠶᠢᠨ ᠡᠷᠬᠡ ᠮᠡᠳᠡᠯ ᠠᠴᠠ ᠳᠠᠪᠠᠭᠤᠯᠤᠨ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ | ᠮᠡᠳᠡᠯ ᠤᠨ ᠬᠡᠪᠴᠢᠶᠡᠨ ᠠᠴᠠ ᠭᠠᠳᠠᠨᠠᠬᠢ ᠵᠠᠰᠠᠭ ᠵᠠᠬᠢᠷᠭᠠᠨ ᠤ ᠡᠷᠬᠡ ᠶᠢᠨ ᠵᠦᠢᠯ ᠤᠳ ᠪᠤᠶᠤ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠪᠠᠭᠠᠰᠬᠠᠨ᠎ᠠ︔ 3. ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠢᠶᠠᠷ ᠰᠢᠳᠬᠡᠨ ᠲᠣᠷᠭᠠᠬᠤ᠂ ᠵᠠᠰᠠᠭ ᠵᠠᠬᠢᠷᠭᠠᠨ ᠢᠶᠠᠷ ᠲᠠᠲᠠᠪᠤᠷᠢᠯᠠᠬᠤ᠂ ᠵᠠᠰᠠᠭ ᠵᠠᠬᠢᠷᠭᠠᠨ ᠢᠶᠠᠷ | ᠲᠠᠲᠠᠪᠤᠷᠢᠯᠠᠨ ᠬᠡᠷᠡᠭᠯᠡᠬᠦ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ | ᠵᠡᠷᠭᠡ ᠵᠦᠢᠯ ᠤᠳ ᠢ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠳ ᠢ ᠰᠢᠶ᠋ᠳᠪᠦᠷᠢᠯᠡᠬᠦ | ᠨᠥᠬᠦᠴᠡᠯ ᠢ ᠨᠡᠮᠡᠵᠦ᠂ ᠡᠷᠭᠢᠯᠲᠡ ᠶᠢᠨ ᠭᠡᠷᠡᠴᠢ᠂ ᠳᠠᠪᠬᠤᠷᠳᠠᠭᠤᠯᠤᠨ ᠭᠡᠷᠡᠴᠢᠯᠡᠬᠦ᠂ ᠳᠠᠪᠬᠤᠷᠳᠠᠭᠤᠯᠤᠨ ᠭᠡᠷᠡᠴᠢᠯᠡᠬᠦ᠂ | ᠬᠡᠷᠡᠭ ᠦᠭᠡᠶ ᠭᠡᠷᠡᠴᠢ ᠭᠠᠷᠭᠠᠵᠤ ᠥᠭᠬᠦ ᠶᠢ ᠲᠣᠭᠲᠠᠭᠠᠬᠤ᠃ | ︵ᠭᠤᠷᠪᠠ︶ ᠠᠭᠤᠯᠭ᠎ᠠ ᠨᠢ ᠳᠡᠭᠡᠳᠦ ᠱᠠᠲᠤᠨ ᠤ ᠬᠠᠤᠯᠢ ᠪᠤᠶᠤ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠨᠢᠭᠡᠳᠦᠯ ᠦᠭᠡᠢ ᠪᠣᠯ᠃ ᠪᠣᠳᠠᠲᠠᠢ ᠪᠠᠷ ᠬᠡᠯᠡᠪᠡᠯ᠂ 1. ︽ᠢᠷᠭᠡᠨ ᠤ | ᠬᠠᠤᠯᠢ ᠶᠢᠨ ᠪᠢᠴᠢᠭ︾ ᠤᠨ ᠲᠣᠭᠲᠠᠭᠠᠯ ᠲᠠᠢ ᠨᠢᠭᠡᠳᠦᠯ ᠦᠭᠡᠢ︔ 2. ᠰᠢᠨ᠎ᠡ ᠪᠠᠷ ᠲᠣᠭᠲᠠᠭᠠᠭᠰᠠᠨ ᠪᠤᠶᠤ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ | ᠲᠣᠭᠲᠠᠭᠠᠯ ᠲᠠᠢ ᠨᠢᠭᠡᠳᠦᠯ ᠦᠭᠡᠢ ᠪᠠᠶᠢᠬᠤ︔ 3. ᠳᠡᠭᠡᠳᠦ ᠱᠠᠲᠤᠨ ᠤ ᠵᠠᠰᠠᠭ ᠤᠨ ᠣᠷᠳᠣᠨ᠂ ᠰᠠᠯᠠᠭ᠎ᠠ | ᠮᠥᠴᠢᠷ ᠤᠨ ᠰᠢᠨ᠎ᠡ ᠪᠠᠷ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠨᠢᠭᠡᠳᠦᠯ ᠦᠭᠡᠢ ᠪᠠᠶᠢᠬᠤ᠃ ︵ᠲᠦᠷᠪᠡ︶ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠳᠤ ᠬᠦᠴᠦᠨ ᠲᠠᠢ ᠬᠤᠭᠤᠴᠠᠭ᠎ᠠ ᠶᠢᠨ ᠳᠦᠷᠢᠮ ᠢ ᠬᠡᠷᠡᠭᠵᠢᠭᠦᠯᠵᠦ᠂ ᠬᠦᠴᠦᠨ ᠲᠠᠢ | ᠬᠤᠭᠤᠴᠠᠭ᠎ᠠ ᠶᠢ 5 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠪᠣᠳᠠᠲᠠᠶ ᠪᠠᠭᠲᠠᠬᠤ ᠨᠢ᠄ 1. ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠳᠤ ᠬᠦᠴᠦᠨ ᠲᠠᠢ ᠬᠤᠭᠤᠴᠠᠭ᠎ᠠ ᠶᠢ ᠨᠢ ᠲᠣᠳᠣᠷᠬᠠᠶᠢᠯᠠᠵᠤ᠂ ᠬᠦᠴᠦᠨ ᠲᠠᠢ | ᠬᠤᠭᠤᠴᠠᠭ᠎ᠠ ᠶᠢ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠵᠦ | ᠪᠣᠳᠣᠬᠤ ᠬᠡᠷᠡᠭᠲᠡᠶ︔ 2. ᠬᠦᠴᠦᠨ ᠲᠠᠢ ᠬᠤᠭᠤᠴᠠᠭ᠎ᠠ ᠶᠢ ᠨᠢ 5 ᠵᠢᠯ ᠠᠴᠠ ᠬᠡᠲᠦᠷᠡᠭᠰᠡᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠳᠤ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠬᠤ ᠴᠢᠬᠤᠯᠠ ᠲᠠᠢ ᠪᠣᠯ ᠲᠣᠭᠲᠠᠭᠠᠬᠤ | ᠪᠠᠶᠢᠭᠤᠯᠤᠯᠭ᠎ᠠ ᠲᠡᠭᠦᠨ ᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠬᠠᠤᠯᠢ | ᠶᠣᠰᠣᠨ ᠤ ᠴᠢᠨᠠᠷᠲᠠᠶ ᠲᠣᠳᠣᠷᠬᠠᠶᠢᠯᠠᠯᠲᠠ ᠬᠢᠬᠦ ᠬᠡᠷᠡᠭᠲᠡᠶ︔ 3. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠨᠡᠷᠡᠶᠢᠳᠦᠯ ᠳᠤ ︽ᠲᠦᠷ ᠬᠡᠷᠡᠭᠵᠢᠭᠦᠯᠬᠦ︾᠂ ︽ᠲᠤᠷᠰᠢᠨ ᠬᠡᠷᠡᠭᠵᠢᠭᠦᠯᠬᠦ︾ ᠭᠡᠵᠦ ᠲᠠᠯᠪᠢᠭᠰᠠᠨ ᠪᠣᠯ ᠬᠦᠴᠦᠨ ᠲᠠᠢ | ᠬᠤᠭᠤᠴᠠᠭ᠎ᠠ ᠶᠢ ᠨᠢ ᠬᠤᠶᠠᠷ ᠵᠢᠯ ᠪᠣᠯᠭᠠᠵᠤ᠂ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠵᠤ ᠪᠣᠯᠬᠤ ᠦᠭᠡᠶ᠃ | ᠳᠥᠷᠪᠡ᠂ ᠴᠡᠭᠴᠡᠯᠡᠭᠰᠡᠨ ᠦᠷ᠎ᠡ ᠳ᠋ᠦᠩ ︽ᠬᠡᠨ ᠲᠣᠭᠲᠠᠭᠠᠭᠰᠠᠨ ᠪᠣᠯ ᠲᠡᠷᠡ ᠢᠯᠭᠠᠷᠠᠭᠤᠯᠬᠤ︾ ᠵᠠᠷᠴᠢᠮ ᠢ | ᠪᠠᠷᠢᠮᠲᠠᠯᠠᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ | ᠲᠣᠭᠲᠠᠭᠠᠭᠰᠠᠨ ᠪᠠᠶᠢᠭᠤᠯᠤᠯᠭ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠢᠯᠭᠠᠷᠠᠭᠤᠯᠬᠤ ᠬᠡᠷᠡᠭᠲᠡᠶ᠃ ᠠᠩᠬ᠎ᠠ | ᠠᠯᠬᠤᠮ ᠢᠯᠭᠠᠷᠠᠭᠤᠯᠬᠤ ᠪᠠᠷ ᠳᠡᠮᠵᠢᠨ᠂ ︽︿ᠪᠠᠭᠠᠷᠢᠨ ᠵᠡᠭᠦᠨ ᠬᠤᠰᠢᠭᠤᠨ ᠤ ᠬᠤᠰᠢᠭᠤᠨ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠱᠠᠩᠨᠠᠬᠤ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠵᠡᠭᠦᠨ ᠵᠠᠰᠠᠭ ᠠᠯᠪᠠᠨ ᠲᠠᠷᠬᠠᠭᠠᠭᠰᠠᠨ ﹇2020﹈ 10 ᠳ᠋ᠤᠭᠠᠷ ᠲᠣᠭᠠᠲᠤ︶ 1 ᠬᠤᠪᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠯᠡᠳᠡᠭᠡᠬᠦ ᠶᠢᠨ ᠬᠠᠮᠲᠤ ᠦᠷᠭᠦᠯᠵᠢᠯᠡᠨ ᠬᠡᠷᠡᠭᠵᠢᠭᠦᠯᠦᠨ᠎ᠡ︔ ︽︿ | ᠲᠦᠷ ᠴᠠᠭ ᠤᠨ ᠠᠪᠤᠷᠠᠨ ᠲᠤᠰᠠᠯᠠᠬᠤ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠭᠠᠷᠢᠨ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠵᠡᠭᠦᠨ ᠵᠠᠰᠠᠭ ᠠᠯᠪᠠᠨ | ᠲᠠᠷᠬᠠᠭᠠᠭᠰᠠᠨ ︹2015︺ 74 ᠳ᠋ᠦ᠋ᠭᠡᠷ ᠲᠣᠭᠠᠲᠤ︶ ᠵᠡᠷᠭᠡ 85 ᠬᠤᠪᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠨ᠎ᠡ︔ ︽︿ᠪᠠᠭᠠᠷᠢᠨ ᠵᠡᠭᠦᠨ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠱᠠᠩᠨᠠᠯ ᠤᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠵᠡᠭᠦᠨ ᠵᠠᠰᠠᠭ | ᠲᠠᠷᠬᠠᠭᠠᠭᠰᠠᠨ ︹2014︺ 26 ᠳ᠋ᠤᠭᠠᠷ ᠲᠣᠭᠠᠲᠤ︶ ᠵᠡᠷᠭᠡ 30 ᠬᠤᠪᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠪᠡ᠃ ᠣᠳᠣ ᠢᠯᠭᠠᠷᠠᠭᠤᠯᠤᠭᠰᠠᠨ ᠪᠠᠶᠢᠳᠠᠯ ᠢ | ᠦᠨᠳᠦᠰᠦᠯᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠭᠡᠮ ᠳᠤ | ᠨᠡᠶᠢᠲᠡᠯᠡᠬᠦ ᠬᠡᠷᠡᠭᠲᠡᠶ᠃ | ᠬᠤᠯᠪᠣᠭᠳᠠᠬᠤ ᠪᠢᠴᠢᠭ ᠮᠠᠲ᠋ᠧᠷᠢᠶᠠᠯ᠄ | http://www.blzq.gov. | cn/zfxxgk/fdzdgknr/zfwj/202403/t20240306_2271971.html |