︽ᠪᠠᠭᠠᠷᠢᠨ ᠵᠡᠭᠦᠨ ᠬᠤᠰᠢᠭᠤᠨ ᠤ 2024 ᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/19
   ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠯᠠᠬᠤ ᠠᠵᠤ ᠦᠢᠯᠡᠰ ᠪᠠ ᠤᠨᠴᠠᠯᠢᠬᠳᠤ ᠠᠵᠤ ᠦᠢᠯᠡᠰ ᠤᠨ ᠨᠠᠩ ᠰᠠᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠢᠳᠡ 2023 ᠤᠨ ᠵᠢᠴᠢ ᠲᠡᠭᠦᠨ ᠠᠴᠠ ᠡᠮᠦᠨᠡᠬᠢ ᠣᠨ ᠤ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠳᠣᠭᠢᠷᠠᠭᠤᠯᠪᠠ᠃ ︽ᠪᠠᠭᠠᠷᠢᠨ ᠵᠡᠭᠦᠨ ᠬᠤᠰᠢᠭᠤᠨ ᠤ 2024 ᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠰᠠᠨᠠᠯ︾ ᠨᠢ ᠨᠡᠶᠢᠲᠡ 22 ᠵᠦᠢᠯ ᠪᠠᠶᠢᠵᠤ᠂ ᠡᠭᠦᠨ ᠳᠤ ᠠᠯᠠᠰᠢᠨ ᠦᠬᠡᠷ 7᠂ ᠠᠯᠠᠰᠢᠨ ᠡᠯᠵᠢᠭᠡ 5᠂ ᠲᠥᠬᠦᠭᠡᠷᠦᠮᠵᠢᠲᠦ ᠲᠠᠷᠢᠶᠠᠯᠠᠩ 4᠂ ᠬᠢᠲᠠᠳ ᠡᠮ ᠤᠨ ᠮᠠᠲ᠋ᠧᠷᠢᠶᠠᠯ 5᠂ ᠨᠡᠶᠢᠳᠡᠮ ᠬᠡᠷᠡᠭᠯᠡᠬᠦ ᠵᠦᠢᠯ 1 ᠪᠣᠶ᠃
   
ᠠᠯᠠᠰᠢᠨ ᠦᠬᠡᠷ ᠤᠨ ᠠᠵᠤ ᠦᠢᠯᠡᠰ ᠤᠨ ᠲᠠᠯ᠎ᠠ ᠪᠠᠷ᠃ ︽ᠠᠯᠲᠠᠨ ᠦᠬᠡᠷ ᠤᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠵᠢᠭᠡᠯᠡᠯᠭᠡ ᠶᠢ ᠠᠰᠢᠭᠯᠠᠨ ᠰᠠᠭᠤᠷᠢ ᠡᠬᠡ ᠮᠠᠯ᠂ ᠯᠠᠷᠵᠢᠶ᠎ᠠ ᠦᠬᠡᠷ ᠢ ᠬᠤᠳᠠᠯᠳᠤᠨ ᠠᠪᠬᠤ ᠮᠠᠯᠵᠢᠬᠤ ᠲᠠᠷᠢᠶᠠᠯᠠᠬᠤ ᠡᠷᠦᠬᠡ ᠳᠤ ᠳᠠᠮ ᠬᠦᠦ ᠶᠢᠨ ᠳᠡᠮᠵᠢᠯᠭᠡ ᠦᠵᠡᠭᠦᠯᠵᠦ᠂ ᠮᠠᠯᠵᠢᠬᠤ ᠲᠠᠷᠢᠶᠠᠯᠠᠬᠤ ᠡᠷᠦᠬᠡ ᠥᠪᠡᠰᠦᠪᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ︵ᠪᠣᠷᠳᠣᠬᠤ︶ ᠵᠢᠵᠢᠭ ᠲᠣᠭᠤᠷᠢᠭ ᠢ ᠥᠪᠡᠰᠦᠪᠡᠨ ᠪᠠᠶᠢᠭᠤᠯᠤᠭᠰᠠᠨ ᠪᠠᠶᠢᠪᠠᠯ᠂ ᠲᠠᠯᠠᠪᠠᠶ᠂ ᠤᠰᠤ ᠴᠠᠬᠢᠯᠭᠠᠨ ᠬᠡᠯᠬᠢᠶ᠎ᠡ᠂ ᠢᠯᠭᠠᠳᠠᠰᠤᠨ ᠪᠤᠬᠢᠷᠳᠤᠯ ᠢ ᠰᠢᠢᠳᠪᠦᠷᠢᠯᠡᠬᠦ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠡᠮᠵᠢᠯᠭᠡ ᠦᠵᠡᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠤᠨ ᠠᠮᠢᠲᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ ᠪᠦᠯᠬᠦᠮ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠡᠭᠡᠯᠢᠯᠡᠭᠡ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠦᠨ᠂ ᠰᠠᠶᠢᠵᠢᠷᠠᠭᠤᠯᠤᠭᠴᠢ ᠳᠤ ᠰᠢᠩᠭᠡᠨ ᠠᠽᠣᠲ᠂ ᠢᠴᠡᠭᠡᠯ ᠦᠷ᠎ᠡ ᠵᠡᠷᠭᠡ ᠰᠠᠶᠢᠵᠢᠷᠠᠭᠤᠯᠬᠤ ᠡᠳ᠋ ᠪᠣᠳᠠᠰ ᠤᠨ ᠳᠡᠮᠵᠢᠯᠭᠡ ᠶᠢ ᠲᠥᠯᠥᠪᠦᠷᠢ ᠦᠭᠡᠶ ᠪᠠᠷ ᠣᠯᠭᠤᠵᠤ᠂ ᠠᠯᠠᠰᠢᠨ ᠦᠬᠡᠷ ᠤᠨ ᠰᠠᠭᠤᠷᠢ ᠳ᠋ᠠᠶᠢᠲ᠋ᠠ ᠬᠥᠮᠥᠷᠭᠡ ᠪᠣᠯᠤᠨ ᠦᠷᠡᠵᠢᠬᠦ ᠦᠨᠢᠶᠡᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠰᠠᠶᠢᠵᠢᠷᠠᠭᠤᠯᠬᠤ ᠳ᠋ᠠᠶᠢᠲ᠋ᠠ ᠬᠥᠮᠥᠷᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃
   ᠠᠯᠠᠰᠢᠨ
ᠡᠯᠵᠢᠭᠡ ᠶᠢᠨ ᠠᠵᠤ ᠦᠢᠯᠡᠰ ᠤᠨ ᠲᠠᠯ᠎ᠠ ᠪᠠᠷ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠵᠣᠬᠢᠴᠠᠭᠤᠯᠵᠤ ᠪᠠᠶᠢᠭᠠᠳ ︽ᠠᠯᠲᠠᠨ ᠯᠤᠤ ᠵᠢᠭᠡᠯᠡᠯᠭᠡ︾ ᠪᠠᠶᠢᠭᠤᠯᠵᠤ᠂ ᠪᠠᠷᠢᠮᠵᠢᠶ᠎ᠠ ᠶᠢ ᠬᠡᠷᠡᠭᠵᠢᠭᠦᠯᠬᠦ ᠵᠡᠷᠭᠡ ᠶᠢ ︽ᠠᠯᠲᠠᠨ ᠦᠬᠡᠷ ᠤᠨ ᠵᠢᠭᠡᠯᠡᠯᠭᠡ︾ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠡᠷᠦᠬᠡ ᠥᠪᠡᠰᠦᠪᠡᠨ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠪᠠᠶᠢᠭᠤᠯᠤᠭᠰᠠᠨ ᠪᠠᠶᠢᠪᠠᠯ᠂ ᠬᠤᠰᠢᠭᠤᠨ ᠵᠠᠰᠠᠭ ᠤᠨ ᠣᠷᠳᠣᠨ ᠠᠴᠠ ᠲᠠᠯᠠᠪᠠᠶ᠂ ᠤᠰᠤ ᠴᠠᠬᠢᠯᠭᠠᠨ ᠬᠡᠯᠬᠢᠶ᠎ᠡ᠂ ᠢᠯᠭᠠᠳᠠᠰᠤᠨ ᠪᠤᠬᠢᠷᠳᠤᠯ ᠢ ᠰᠢᠢᠳᠪᠦᠷᠢᠯᠡᠬᠦ ᠵᠡᠷᠭᠡ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠡᠮᠵᠢᠯᠭᠡ ᠦᠵᠡᠭᠦᠯᠦᠨ᠎ᠡ᠃ ᠡᠬᠡ ᠡᠯᠵᠢᠭᠡ ᠶᠢᠨ ᠰᠠᠭᠤᠷᠢ ᠳᠠᠭᠠᠳᠬᠠᠯ ᠢ ᠢᠳᠡᠪᠬᠢᠲᠡᠢ ᠨᠠᠶᠢᠳᠠᠪᠤᠷᠢᠵᠢᠭᠤᠯᠤᠨ᠎ᠠ᠃ ᠹᠦ᠋ ᠾᠧ ᠪᠠᠯᠭᠠᠰᠤᠨ ᠤ ᠰᠠᠭᠤᠷᠢ ᠡᠮ᠎ᠡ ᠡᠯᠵᠢᠭᠡ ᠶᠢᠨ ᠲᠤᠭ᠎ᠠ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠰᠡᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠰᠢᠯᠭᠠᠨ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠪᠣᠯ ᠭᠠᠵᠠᠷ ᠪᠣᠯᠭᠠᠨ ᠳᠤ ᠨᠥᠬᠦᠪᠥᠷᠢ ᠮᠥᠩᠭᠦ ᠣᠯᠭᠤᠬᠤ ᠶᠢᠨ ᠬᠠᠮᠲᠤ ᠰᠢᠯᠢᠳᠡᠭ ᠵᠠᠰᠠᠮᠵᠢᠯᠠᠭᠴᠢ ᠳᠤ ᠨᠥᠬᠦᠪᠥᠷᠢ ᠥᠭᠭᠦᠨ᠎ᠡ᠃
   ᠲᠥᠬᠦᠭᠡᠷᠦᠮᠵᠢ ᠶᠢᠨ ᠲᠠᠷᠢᠶᠠᠯᠠᠩ ᠤᠨ
ᠲᠠᠯ᠎ᠠ ᠪᠠᠷ᠃ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢ ᠳᠤ ᠬᠦᠢᠲᠡᠨ ᠰᠠᠷᠠᠪᠴᠢ ᠶᠢ ︽ᠠᠯᠲᠠᠨ ᠰᠠᠷᠠᠪᠴᠢᠲᠤ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠨᠠᠶᠢᠳᠠᠪᠤᠷᠢᠵᠢᠭᠤᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠭᠠᠵᠠᠷ ᠰᠢᠷᠣᠶ ᠶᠢ ᠠᠰᠢᠭᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠨᠢᠭᠡᠳᠦᠯᠲᠡᠶ ᠪᠥᠲᠥᠭᠡᠨ ᠪᠠᠶᠢᠭᠤᠯᠤᠭᠰᠠᠨ ᠪᠡᠯᠡᠳᠬᠡᠮᠵᠢ ᠳᠤ ᠬᠦᠢᠲᠡᠨ ᠰᠠᠷᠠᠪᠴᠢ ᠶᠢ ᠭᠠᠳᠠᠭᠰᠢ ᠲᠦᠷᠢᠶᠡᠰᠦᠯᠡᠭᠦᠯᠵᠦ᠂ ᠲᠦᠷᠢᠶᠡᠰᠦᠯᠡᠭᠦᠯᠬᠦ ᠪᠠᠯᠠ ᠮᠥᠩᠭᠦ ᠶᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠨ᠎ᠡ᠃ ᠮᠠᠯᠵᠢᠬᠤ ᠲᠠᠷᠢᠶᠠᠯᠠᠬᠤ ᠡᠷᠦᠬᠡ ᠶᠢᠨ ᠥᠪᠡᠰᠦᠪᠡᠨ ᠪᠠᠶᠢᠭᠤᠯᠤᠭᠰᠠᠨ 100 ᠮᠦ ᠠᠴᠠ ᠳᠡᠭᠡᠭᠰᠢ ᠪᠡᠯᠡᠳᠬᠡᠮᠵᠢᠲᠦ ᠬᠦᠢᠲᠡᠨ ᠰᠠᠷᠠᠪᠴᠢ ᠶᠢᠨ ᠣᠷᠣᠨ ᠳᠤ ᠰᠠᠭᠤᠷᠢ ᠪᠡᠯᠡᠳᠬᠡᠮᠵᠢ ᠶᠢ ᠢᠵᠢ ᠪᠥᠷᠢᠳᠦᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠠᠵᠢᠯ ᠤᠨ ᠢᠳᠡᠪᠬᠢ ᠴᠢᠨᠠᠷ ᠢᠶᠠᠷ ᠴᠢᠩᠭ᠎ᠠ᠂ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢᠨ ᠡᠮᠦᠨ᠎ᠡ 3 ᠨᠡᠷᠡᠰ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃
   ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠃ ︽ᠠᠯᠲᠠᠨ ᠡᠮ ᠤᠨ ᠳᠠᠭᠠᠳᠬᠠᠯ︾ ᠢ
ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠳᠠᠭᠠᠳᠬᠠᠯ ᠤᠨ ᠺᠣᠮᠫᠠᠨᠢ ᠠᠴᠠ ᠠᠰᠢᠭ ᠣᠯᠭᠤᠬᠤ ᠬᠡᠯᠪᠡᠷᠢ ᠶᠢ ᠠᠪᠴᠤ᠂ ᠬᠢᠲᠠᠳ ᠡᠮ ᠤᠨ ᠮᠠᠲ᠋ᠧᠷᠢᠶᠠᠯ ᠳᠠᠷᠢᠬᠤ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠣᠯᠭᠤᠨ᠎ᠠ᠃ ᠰᠠᠨ ᠱᠠᠨ ᠰᠢᠶᠠᠩ ᠤᠨ ᠣᠲᠣ ᠦᠶ᠎ᠡ ᠶᠢᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠬᠤ ᠶᠢ ᠳᠡᠮᠵᠢᠵᠦ᠂ ᠬᠦᠷᠢᠶᠡᠯᠡᠩ ᠲᠣᠭᠤᠷᠢᠭ ᠤᠨ ᠵᠣᠬᠢᠶᠠᠨ ᠪᠠᠶᠢᠭᠤᠯᠵᠤ ᠴᠢᠬᠢ ᠪᠤᠶᠢᠵᠢᠭᠤᠯᠤᠭᠰᠠᠨ ᠲᠠᠷᠢᠶᠠᠴᠢᠨ ᠡᠷᠦᠬᠡ ᠳᠤ ᠰᠠᠭᠤᠷᠢ ᠪᠦᠷᠢ ᠳᠤ ᠪᠠᠯᠠ ᠮᠥᠩᠭᠦ ᠶᠢᠨ ᠨᠥᠬᠦᠪᠥᠷᠢ ᠣᠯᠭᠤᠨ᠎ᠠ᠃ ᠴᠢᠨᠠᠷ ᠰᠠᠶᠢᠲᠠᠶ ᠬᠢᠲᠠᠳ ᠡᠮ ᠤᠨ ᠮᠠᠲ᠋ᠧᠷᠢᠶᠠᠯ ᠤᠨ ᠲᠦᠷᠦᠯ ᠳᠡᠮᠳᠡᠭᠵᠢᠬᠦᠯᠬᠦ ᠪᠠᠶᠢᠭᠤᠯᠤᠯᠳᠠ ᠶᠢ ᠲᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠲᠤ ᠳᠣᠤᠷ᠎ᠠ ᠬᠦᠦ ᠲᠠᠢ ᠵᠢᠭᠡᠯᠡᠯᠭᠡ ᠪᠣᠯᠤᠨ ᠡᠳ᠋ ᠤᠨ ᠵᠠᠰᠠᠭ ᠠᠴᠠ ᠳᠠᠮ ᠬᠦᠦ ᠥᠭᠬᠦ ᠲᠥᠷᠥ ᠶᠢᠨ ᠪᠣᠳᠣᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ ᠳᠠᠷᠢᠬᠤ ᠠᠵᠢᠯ ᠢ ᠳᠥᠯᠭᠢᠨ ᠠᠬᠢᠭᠤᠯᠬᠤ ᠪᠦᠬᠦᠯᠢ ᠴᠣᠭᠴᠠ ᠶᠢᠨ ᠳᠠᠶᠢᠴᠢᠯᠠᠯᠲᠠ ᠶᠢᠨ ᠦᠷ᠎ᠡ ᠪᠦᠲᠦᠮᠵᠢ ᠪᠠᠷ ᠰᠠᠶᠢᠨ᠂ ᠰᠢᠨ᠎ᠡ ᠪᠠᠷ ᠨᠡᠮᠡᠭᠳᠡᠭᠰᠡᠨ ᠲᠠᠯᠠᠪᠠᠶ ᠶᠢᠨ ᠡᠮᠦᠨ᠎ᠡ 3 ᠨᠡᠷᠡᠰ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠲᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃
   ᠨᠡᠶᠢᠳᠡᠮ ᠬᠡᠷᠡᠭᠯᠡᠬᠦ ᠵᠦ᠋ᠶ᠋ᠯ ᠵᠤᠷᠪᠤᠰ ᠤᠨ ᠲᠠᠯ᠎ᠠ ᠪᠠᠷ᠃ ︽ᠬᠤᠶᠠᠷ ᠪᠦᠲᠦᠭᠡᠭᠳᠡᠬᠦᠨ
ᠨᠢᠭᠡ ᠲᠡᠮᠳᠡᠭ︾ ︽ᠨᠠᠷᠠᠲᠤ ᠰᠢᠯᠢᠳᠡᠭ ᠣᠨᠴᠠ ᠰᠢᠨ᠎ᠡ︾ ︽ᠣᠨᠴᠠ ᠴᠢᠨᠠᠷ ᠪᠥᠬᠦᠶ ᠲᠠᠷᠢᠶᠠᠯᠠᠩ ᠤᠨ ᠪᠦᠲᠦᠭᠡᠭᠳᠡᠬᠦᠨ︾ ᠪᠠ ᠤᠯᠤᠰ ᠤᠨ ᠨᠠᠷᠠᠲᠤ ᠲᠠᠸᠠᠷ ᠤᠨ ᠲᠡᠮᠳᠡᠭ ᠤᠨ ᠭᠡᠷᠡᠴᠢᠯᠡᠯ ᠢ ᠣᠯᠤᠭᠰᠠᠨ ᠦᠢᠯᠡᠳᠬᠦᠨ ᠪᠤᠶᠤ ᠠᠵᠤ ᠠᠬᠤᠶᠢᠯᠠᠯ ᠳᠤ 2 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠡᠭᠦᠨ ᠢᠶᠠᠷ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠭᠡᠷᠡᠴᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ ᠬᠤᠯᠪᠣᠭᠳᠠᠬᠤ ᠪᠢᠴᠢᠭ ᠮᠠᠲ᠋ᠧᠷᠢᠶᠠᠯ᠄http://www.blzq.gov.cn/zfxxgk/fdzdgknr/zfwj/202405/t20240509_2315413.html
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号