ᠨᠢᠭᠡ᠂ ᠲᠤᠭᠤᠷᠪᠢᠭᠰᠠᠨ ᠠᠬᠤᠶ ᠪᠠᠶᠢᠳᠠᠯ 2023 ᠣᠨ ᠳᠤ ᠮᠠᠨ ᠤ ᠬᠤᠰᠢᠭᠤ ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ︹2022︺ 72 ᠳ᠋ᠤᠭᠠᠷ ᠲᠣᠭᠠᠲᠤ︶ ᠢ ᠦᠨᠳᠦᠰᠦᠯᠡᠨ᠂ ︽ᠪᠠᠭᠠᠷᠢᠨ ᠵᠡᠭᠦᠨ | ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠵᠢᠯ ᠤᠨ ᠲᠦᠷᠢᠮ ᠤᠨ ᠠᠷᠪᠠᠨ ᠵᠤᠷᠪᠤᠰ︾ ᠢ ᠨᠡᠶᠢᠲᠡᠯᠡᠵᠦ᠂ ᠳᠡᠭᠡᠷ᠎ᠡ ᠨᠢᠭᠡ ᠵᠢᠯ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠢᠳᠡᠪᠬᠢᠵᠢᠯ ᠢ ᠢᠳᠡᠪᠬᠢᠲᠡᠶ ᠳᠠᠶᠢᠴᠢᠯᠠᠵᠤ ᠳᠡᠶᠢᠯᠬᠦ | ᠥᠬᠡᠶ ᠪᠠᠶᠢᠬᠤ ᠶᠢ ᠣᠯᠵᠤ ᠮᠡᠳᠡᠪᠡᠯ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ | ᠨᠢᠭᠡ ᠠᠯᠬᠤᠮ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠰᠠᠨᠠᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ | ﹇2020﹈ 53 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ | ᠳᠡᠭᠡᠷ᠎ᠡ ᠨᠢᠭᠡ ᠵᠢᠯ ᠤᠨ ᠰᠠᠭᠤᠷᠢᠨ ᠳᠡᠭᠡᠷ᠎ᠡ ︽ᠪᠠᠭᠠᠷᠢᠨ ᠵᠡᠭᠦᠨ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠦᠷᠢᠮ ᠤᠨ ᠠᠷᠪᠠᠨ ᠵᠤᠷᠪᠤᠰ︾ ᠢ | ᠰᠢᠨ᠎ᠡ ᠪᠠᠷ ᠲᠣᠭᠲᠠᠭᠠᠪᠠ᠃ ᠬᠤᠶᠠᠷ᠂ ᠭᠤᠣᠯ ᠬᠤᠪᠢᠷᠠᠯᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠬᠡᠷᠡᠭᠵᠢᠭᠦᠯᠬᠦ ᠶᠠᠪᠤᠴᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ | ᠲᠥᠯᠥᠪᠵᠢᠭᠦᠯᠦᠨ ᠵᠢᠷᠤᠵᠤ ᠲᠥᠯᠥᠪᠯᠡᠬᠦ ᠪᠠ ᠬᠢᠨᠠᠨ ᠬᠠᠮᠢᠶᠠᠷᠴᠤ ᠳᠠᠭᠠᠭᠠᠴᠢᠯᠠᠯᠲᠠ ᠵᠠᠷᠯᠠᠬᠤ ᠶᠢ ᠬᠠᠷᠢᠭᠤᠴᠠᠵᠤ᠂ | ᠡᠯ᠎ᠡ ᠰᠤᠮᠤ ᠰᠢᠶᠠᠩ ᠪᠠᠯᠭᠠᠰᠤ ᠡᠯ᠎ᠡ ᠬᠠᠷᠢᠶ᠎ᠠ ᠭᠠᠵᠠᠷ ᠤᠨ ᠪᠠᠷᠢᠯᠭ᠎ᠠ ᠪᠠᠷᠢᠬᠤ ᠪᠥᠲᠥᠭᠡᠨ ᠪᠠᠶᠢᠭᠤᠯᠤᠯᠲᠠ ᠶᠢᠨ | ᠳᠠᠭᠠᠭᠠᠴᠢᠯᠠᠯᠲᠠ ᠵᠠᠷᠯᠠᠬᠤ ᠶᠢ ᠬᠠᠷᠢᠭᠤᠴᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠦᠢᠴᠡᠳᠬᠡᠯ | ᠲᠤᠭ᠎ᠠ ᠶᠢᠨ ᠪᠢᠴᠢᠭ ᠮᠠᠲ᠋ᠧᠷᠢᠶᠠᠯ ᠢ ᠡᠯ᠎ᠡ ᠰᠤᠮᠤ ᠰᠢᠶᠠᠩ ᠪᠠᠯᠭᠠᠰᠤᠨ ᠳᠤ ᠪᠠᠭᠤᠯᠭᠠᠬᠤ ᠶᠢ ᠬᠠᠷᠢᠭᠤᠴᠠᠨ᠎ᠠ᠃ | ᠭᠤᠷᠪᠠ᠂ ᠭᠤᠣᠯ ᠠᠭᠤᠯᠭ᠎ᠠ ᠲᠣᠰ ︽ᠠᠷᠪᠠᠨ ᠵᠦᠢᠯ︾ ᠳᠤ᠄ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠭᠠᠵᠠᠷ ᠰᠣᠩᠭᠤᠬᠤ ᠪᠠᠷᠢᠮᠵᠢᠶ᠎ᠠ ᠶᠢ ᠴᠢᠩᠳᠠᠯᠠᠬᠤ᠂ ᠡᠮᠦᠨᠡᠬᠢ ᠬᠤᠭᠤᠴᠠᠭᠠᠨ ᠤ ᠠᠵᠢᠯ ᠢ | ᠰᠢᠯᠢᠳᠡᠭᠵᠢᠭᠦᠯᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ᠂ ᠪᠠᠯᠠ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ᠂ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠶᠢ | ᠴᠢᠩᠭᠠᠳᠬᠠᠬᠤ᠂ ᠬᠢᠨᠠᠯᠲᠠ ᠲᠠᠯᠪᠢᠵᠤ ᠦᠢᠯᠡᠴᠢᠯᠡᠬᠦ ᠶᠢ ᠴᠢᠩᠭᠠᠳᠬᠠᠬᠤ᠂ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠶᠢ ᠥᠷᠨᠢᠭᠦᠯᠬᠦ᠂ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠪᠠᠶᠢᠭᠤᠯᠬᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠭᠡᠵᠦ ᠬᠤᠪᠢᠶᠠᠨ᠎ᠠ᠃ ︽ᠪᠠᠭᠠᠷᠢᠨ ᠵᠡᠭᠦᠨ ᠬᠤᠰᠢᠭᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠦᠷᠢᠮ ᠤᠨ | ᠠᠷᠪᠠᠨ ᠵᠤᠷᠪᠤᠰ︾ ᠢ ᠨᠡᠶᠢᠲᠡᠯᠡᠬᠦ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠬᠠᠮᠢᠶ᠎ᠠ ᠪᠥᠬᠦᠶ ᠨᠢᠭᠡᠴᠢ ᠪᠠ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ᠂ | ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠨ᠂ ᠬᠤᠶᠢᠰᠢᠳᠠ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠳᠤ ᠠᠰᠢᠭᠲᠠᠶ | ᠦᠨᠳᠦᠰᠦᠯᠡᠯ ᠪᠠ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ᠃ | |