︽ᠪᠠᠭᠠᠷᠢᠨ ᠵᠡᠭᠦᠨ ᠬᠤᠰᠢᠭᠤᠨ ᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠦᠷᠢᠮ ᠤᠨ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/19
    ᠨᠢᠭᠡ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ᠃
   ︽ᠪᠠᠭᠠᠷᠢᠨ ᠵᠡᠭᠦᠨ
ᠬᠤᠰᠢᠭᠤᠨ ᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠦᠷᠢᠮ ᠤᠨ ᠠᠷᠪᠠᠨ ᠵᠤᠷᠪᠤᠰ ︵ᠲᠤᠷᠰᠢᠨ ᠬᠡᠷᠡᠭᠵᠢᠭᠦᠯᠬᠦ︶︾ ᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤ ᠨᠡᠯᠢᠶᠡᠳ ᠰᠠᠶᠢᠨ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ ᠪᠦᠲᠦᠭᠡᠯ ᠣᠯᠵᠤ᠂ ᠣᠳᠣᠬᠠᠨ ᠳᠤ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ ᠨᠢᠭᠡᠨᠲᠡ ᠬᠡᠲᠦᠷᠡᠭᠰᠡᠨ ᠪᠣᠯᠬᠤᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠨ ᠰᠠᠶᠢᠵᠢᠷᠠᠭᠤᠯᠬᠤ ᠶᠢᠨ ᠲᠥᠯᠥᠭᠡ᠂ ᠲᠦᠷᠢᠮ ᠤᠨ ᠲᠤᠷᠰᠢᠨ ᠬᠡᠷᠡᠭᠵᠢᠭᠦᠯᠬᠦ ᠬᠤᠭᠤᠴᠠᠭᠠᠨ ᠤ ᠬᠡᠷᠡᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠠᠭᠤᠯᠭ᠎ᠠ ᠶᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠰ ᠲᠦᠷᠢᠮ ᠢ ᠵᠢᠩᠬᠢᠨᠢ ᠪᠠᠷ ᠬᠡᠷᠡᠭᠵᠢᠭᠦᠯᠬᠦ ᠶᠢ ᠪᠠᠲᠤᠯᠠᠪᠠ᠃
   ᠬᠤᠶᠠᠷ᠂ ᠵᠠᠰᠠᠪᠤᠷᠢ ᠣᠷᠣᠭᠤᠯᠤᠭᠰᠠᠨ ᠶᠠᠪᠤᠴᠠ
   2023
ᠣᠨ ᠤ 12 ᠰᠠᠷ᠎ᠠ ᠶᠢᠨ 10 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠤᠯᠠᠭᠠᠨᠳᠠᠪᠠᠭ᠎ᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠯᠢᠨᠳᠦ᠋ᠩ ᠤᠨ ᠣᠶ ᠰᠢᠭᠤᠶ ᠶᠢᠨ ᠲᠠᠯᠠᠪᠠᠶ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ᠂ ︽ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠦᠷᠢᠮ︾ ᠳᠤ ᠬᠠᠮᠲᠤ ᠪᠠᠷ ᠰᠤᠳᠤᠯᠤᠨ ᠵᠠᠰᠠᠪᠤᠷᠢ ᠣᠷᠣᠭᠤᠯᠤᠨ᠎ᠠ᠃ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠬᠤ ᠪᠠᠷ ᠳᠡᠮᠵᠢᠨ᠂ 2024 ᠣᠨ ᠤ 2 ᠰᠠᠷ᠎ᠠ ᠶᠢᠨ ᠳᠤᠮᠳᠠᠴᠢ ᠪᠠᠷ᠂ ︽ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠦᠷᠢᠮ︾ ᠤᠨ ᠶᠠᠷᠢᠯᠴᠠᠬᠤ ᠨᠣᠤᠷᠠᠭ ᠢ ᠪᠣᠶ ᠪᠣᠯᠭᠠᠬᠤ ᠶᠢᠨ ᠬᠠᠮᠲᠤ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ ᠪᠥᠬᠦᠶ ᠨᠢᠭᠡᠴᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠵᠤ ᠬᠢᠨᠠᠭᠠᠳ ᠰᠠᠨᠠᠯ ᠬᠤᠷᠢᠶᠠᠬᠤ ᠨᠣᠤᠷᠠᠭ ᠢ ᠪᠣᠶ ᠪᠣᠯᠭᠠᠪᠠ᠃ 3 ᠰᠠᠷ᠎ᠠ ᠶᠢᠨ 1 ᠤ ᠡᠳᠦᠷ ᠠᠴᠠ 15 ᠤ ᠡᠳᠦᠷ ᠪᠣᠯᠲᠠᠯ᠎ᠠ ᠮᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠭᠡᠮ ᠳᠤ ᠢᠯᠡ ᠪᠠᠷ ᠰᠠᠨᠠᠯ ᠬᠤᠷᠢᠶᠠᠭᠰᠠᠨ ᠤ ᠳᠠᠷᠠᠭ᠎ᠠ᠂ ᠳᠠᠬᠢᠨᠲᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠶᠠᠷᠢᠯᠴᠠᠬᠤ ᠡᠬᠡ ᠪᠢᠴᠢᠭ ᠭᠠᠷᠭᠠᠵᠤ᠂ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠪᠠ᠃
   ᠭᠤᠷᠪᠠ᠂ ᠨᠡᠮᠡᠯᠲᠡ᠂
ᠥᠭᠡᠷᠡᠴᠢᠯᠡᠯᠲᠡ ᠣᠷᠣᠭᠤᠯᠤᠭᠰᠠᠨ ᠭᠤᠣᠯ ᠠᠭᠤᠯᠭ᠎ᠠ᠃
   ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠬᠤ
ᠬᠤᠭᠤᠴᠠᠭ᠎ᠠ ᠶᠢ ᠲᠣᠳᠣᠷᠬᠠᠶᠢᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠬᠤ ᠰᠡᠯᠭᠦᠨ ᠮᠠᠯᠵᠢᠬᠤ ᠳᠦᠷᠢᠮ︾ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠢ 5 ᠵᠢᠯ ᠪᠦᠷᠢ ᠳᠤ ᠨᠢᠭᠡ ᠤᠳᠠᠭ᠎ᠠ ᠬᠤᠪᠢᠶᠠᠷᠢᠯᠠᠨ ᠲᠣᠭᠲᠠᠭᠠᠬᠤ ᠲᠣᠭᠲᠠᠭᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠪᠥᠬᠦ ᠴᠠᠷᠠᠭ᠎ᠠ ᠶᠢ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠴᠠᠭ ᠨᠢ 2022 ᠣᠨ ᠤ 5 ᠰᠠᠷ᠎ᠠ ᠶᠢᠨ 1 ᠤ ᠡᠳᠦᠷ᠂ ᠡᠶᠢᠮᠦ ᠠᠴᠠ ᠪᠡᠯᠴᠢᠭᠡᠷᠯᠡᠭᠦᠯᠬᠦ ᠶᠢ ᠬᠤᠷᠢᠭᠯᠠᠬᠤ ᠬᠤᠭᠤᠴᠠᠭ᠎ᠠ ᠪᠣᠯ 2027 ᠣᠨ ᠤ 4 ᠰᠠᠷ᠎ᠠ ᠶᠢᠨ 30 ᠤ ᠡᠳᠦᠷ᠂ ᠲᠤᠬᠠᠶᠢᠯᠠᠪᠠᠯ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠳᠤ ᠳᠠᠬᠢᠨ ᠲᠣᠬᠢᠷᠠᠭᠤᠯᠤᠯᠲᠠ ᠬᠢᠬᠦ ᠡᠴᠦᠰ ᠤᠨ ᠡᠳᠦᠷ ᠬᠤᠭᠤᠴᠠᠭ᠎ᠠ ᠶᠢ ᠲᠣᠳᠣᠷᠬᠠᠶᠢᠯᠠᠨ᠎ᠠ᠃
   ︵ᠬᠤᠶᠠᠷ︶ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠰᠢᠨ᠎ᠡ ᠪᠠᠷ
ᠨᠡᠮᠡᠭᠰᠡᠨ ᠪᠠᠶᠢᠨ᠎ᠠ᠃ ᠤᠤᠯ ᠤᠨ ᠪᠠᠶᠢᠭᠰᠠᠨ 13 ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠰᠠᠭᠤᠷᠢᠨ ᠳᠡᠭᠡᠷ᠎ᠡ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠭᠤᠷᠪᠠ ᠶᠢ ᠲᠣᠭᠲᠠᠭᠠᠬᠤ︾ ᠲᠥᠰᠦᠯ᠂ ︽ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾᠂ ︽ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠯᠠᠭᠠᠨᠳᠠᠪᠠᠭ᠎ᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠯᠢᠨᠳᠦ᠋ᠩ ᠤᠨ ᠣᠶ ᠰᠢᠭᠤᠶ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠨᠢ ᠬᠠᠤᠯᠢ ᠬᠡᠷᠡᠭᠵᠢᠭᠦᠯᠬᠦ ᠭᠤᠤᠯ ᠴᠣᠭᠴᠠ ᠪᠠᠶᠢᠵᠤ᠂ ᠲᠣᠰ ᠭᠤᠷᠪᠠᠨ ᠨᠢᠭᠡᠴᠡ ᠶᠢᠨ ᠬᠠᠮᠢᠶ᠎ᠠ ᠪᠥᠬᠦᠶ ᠬᠠᠷᠢᠶ᠎ᠠ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠥᠷᠨᠢᠭᠦᠯᠬᠦ ᠳᠤ ᠠᠰᠢᠭᠲᠠᠶ ᠪᠣᠯᠭᠠᠬᠤ ᠶᠢᠨ ᠲᠥᠯᠥᠭᠡ ᠶᠤᠮ᠃
   ︵ᠭᠤᠷᠪᠠ︶ ᠮᠠᠯ ᠤᠨ ᠡᠭᠦᠯᠳᠡᠷ ᠢ ᠰᠣᠯᠢᠵᠤ ᠪᠣᠳᠣᠬᠤ ᠪᠠᠷᠢᠮᠵᠢᠶ᠎ᠠ ᠶᠢ ᠲᠣᠳᠣᠷᠬᠠᠶᠢᠯᠠᠵᠤ᠃ ︽ᠥᠪᠥᠷ
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠦᠢᠯ ᠶᠣᠰᠣᠭᠠᠷ᠂ ᠦᠬᠡᠷ᠂ ᠮᠣᠷᠢ᠂ ᠡᠯᠵᠢᠭᠡ᠂ ᠯᠠᠭᠤᠰᠠ᠂ ᠲᠡᠮᠡᠭᠡ ᠲᠣᠰ ᠲᠣᠰ 5 ᠂ 6᠂ 3᠂ 5᠂ 7 ︽ᠬᠤᠨᠢᠨ ᠨᠢᠭᠡᠴᠢ︾ ᠶᠢᠨ ᠪᠠᠷᠢᠮᠵᠢᠶ᠎ᠠ ᠪᠠᠷ ᠨᠤᠭᠤᠯᠤᠨ ᠪᠣᠳᠣᠵᠤ᠂ ᠲᠣᠷᠭᠠᠬᠤ ᠪᠠᠷᠢᠮᠵᠢᠶ᠎ᠠ ᠶᠢᠨ ᠲᠣᠭᠲᠠᠭᠠᠯ ᠳᠤ ᠲᠥᠬᠦᠮ ᠪᠣᠯᠭᠠᠪᠠ᠃
   ︵ᠲᠦᠷᠪᠡ︶ ᠬᠠᠤᠯᠢ ᠬᠡᠷᠡᠭᠵᠢᠭᠦᠯᠬᠦ ᠭᠤᠣᠯ
ᠴᠣᠭᠴᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠪᠡ᠃ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ︽ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠪᠠᠲᠤᠯᠠᠬᠤ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠬᠠᠤᠯᠢ ᠬᠡᠷᠡᠭᠵᠢᠭᠦᠯᠬᠦ ᠠᠵᠢᠯ︾ ᠤᠨ ᠡᠭᠦᠷᠭᠡ ᠬᠠᠷᠢᠭᠤᠴᠠᠯᠭ᠎ᠠ ᠶᠢ ᠰᠢᠨ᠎ᠡ ᠪᠠᠷ ᠨᠡᠮᠡᠭᠳᠡᠭᠦᠯᠪᠡ︔ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ︽2 ᠠᠴᠠ ᠳᠡᠭᠡᠭᠰᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯᠲᠠᠨ ᠲᠣᠬᠢᠷᠠᠭᠤᠯᠬᠤ ᠴᠢᠬᠤᠯᠠᠲᠠᠶ︾ ᠶᠢ ︽ᠠᠳᠠᠭ ᠲᠠᠭᠠᠨ 2 ᠠᠴᠠ ᠳᠡᠭᠡᠭᠰᠢ ᠲᠤᠰᠬᠠᠶ ᠲᠤᠰᠢᠶᠠᠯᠲᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯᠲᠠᠨ︾ ᠪᠣᠯᠭᠠᠨ ᠲᠣᠬᠢᠷᠠᠭᠤᠯᠪᠠ᠃
   ︵ᠲᠠᠪᠤ︶ ᠬᠢᠨᠠᠨ ᠰᠢᠯᠭᠠᠵᠤ ᠦᠨᠡᠯᠡᠬᠦ ᠭᠦᠢᠴᠡᠳ᠋ᠭᠡᠬᠦ ᠲᠤᠭ᠎ᠠ ᠶᠢ
ᠲᠣᠬᠢᠷᠠᠭᠤᠯᠪᠠ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠡᠩᠨᠡᠭᠡ ᠶᠢᠨ ᠪᠠᠶᠢᠭᠤᠯᠤᠯᠲᠠ᠂ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ ᠰᠢᠶ᠋ᠳᠪᠦᠷᠢᠯᠡᠭᠰᠡᠨ ᠪᠠᠶᠢᠳᠠᠯ ᠵᠡᠷᠭᠡ ᠠᠭᠤᠯᠭ᠎ᠠ ᠶᠢ ᠣᠨ ᠤ ᠰᠢᠯᠭᠠᠨ ᠬᠢᠨᠠᠬᠤ ᠰᠢᠰᠲ᠋ᠧᠮ ᠳᠤ ᠣᠷᠣᠭᠤᠯᠵᠤ ᠂ ᠵᠢᠯ ᠤᠨ ᠡᠴᠦᠰ ᠲᠤ ᠡᠯ᠎ᠡ ᠭᠠᠵᠠᠷ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠪᠠᠶᠢᠳᠠᠯ ᠳᠤ ᠰᠢᠯᠭᠠᠨ ᠬᠢᠨᠠᠵᠤ ᠨᠡᠷᠡᠰ ᠤᠨ ᠵᠢᠭᠰᠠᠭᠠᠯᠲᠠ᠂ ᠱᠠᠩᠨᠠᠵᠤ ᠲᠣᠷᠭᠠᠬᠤ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠮᠢ ᠠᠬᠤᠶ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃ ᠬᠤᠯᠪᠣᠭᠳᠠᠬᠤ ᠪᠢᠴᠢᠭ ᠮᠠᠲ᠋ᠧᠷᠢᠶᠠᠯ᠄http://www.blzq.gov.cn/zfxxgk/fdzdgknr/zfwj/202405/t20240509_2315437.html
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号