ᠪᠠᠭᠠᠷᠢᠨ ᠵᠡᠭᠦᠨ ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ | ᠮᠠᠭᠠᠳᠯᠠᠨ ᠲᠣᠭᠲᠠᠭᠠᠬᠤ ᠰᠠᠨᠠᠯ︾ ᠢ 2024 ᠣᠨ ᠤ 4 ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠵᠤ᠂ | ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠰᠠᠭᠤᠳᠠᠯ ᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠲᠣᠭᠲᠠᠭᠠᠭᠰᠠᠨ ᠠᠬᠤᠶ ᠪᠠᠶᠢᠳᠠᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠢᠯᠡ ᠪᠥᠭᠡᠳ | ᠡᠷᠬᠡ ᠲᠡᠭᠰᠢ ᠲᠥᠪ ᠭᠤᠤᠯᠴᠢ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠳᠥᠴᠢᠨ ᠨᠠᠶ᠋ᠮᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭ᠎ᠠ ᠶᠢ ᠲᠠᠪᠤᠨ ᠵᠢᠯ ᠠᠴᠠ ᠬᠡᠲᠦᠷᠡᠭᠦᠯᠵᠦ ᠪᠣᠯᠬᠤ ᠦᠭᠡᠶ᠃ ᠤᠤᠯ ᠤᠨ ︽ᠪᠠᠭᠠᠷᠢᠨ ᠵᠡᠭᠦᠨ ᠬᠤᠰᠢᠭᠤᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠨᠠᠷᠢᠯᠢᠭ ᠣᠨᠣᠴᠠᠲᠠᠶ ᠪᠠᠷ ᠮᠠᠭᠠᠳᠯᠠᠨ | ᠲᠣᠭᠲᠠᠭᠠᠬᠤ ᠠᠵᠢᠯ ᠤᠨ ᠬᠡᠷᠡᠭᠵᠢᠭᠦᠯᠬᠦ ᠲᠥᠰᠦᠯ︾ ᠢ 2017 ᠣᠨ ᠳᠤ ᠨᠡᠶᠢᠲᠡᠯᠡᠵᠦ᠂ ᠨᠢᠭᠡᠨᠲᠡ 5 ᠵᠢᠯ ᠤᠨ | ᠲᠣᠭᠲᠠᠭᠠᠯ ᠢ ᠳᠠᠪᠠᠭᠰᠠᠨ ᠪᠠᠶᠢᠨ᠎ᠠ᠃ ᠬᠤᠶᠠᠷ᠂ ᠲᠤᠭᠤᠷᠪᠢᠨ ᠪᠢᠴᠢᠭᠰᠡᠨ ᠶᠠᠪᠤᠴᠠ 2023 ᠣᠨ ᠤ 9 | ᠰᠠᠷ᠎ᠠ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠬᠠᠮᠵᠢᠯᠴᠠᠵᠤ᠂ ᠪᠥᠬᠦ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠳᠠᠬᠢᠨ ᠳᠠᠪᠲᠠᠨ ᠰᠤᠳᠤᠯᠤᠨ | ᠶᠠᠷᠢᠯᠴᠠᠬᠤ ᠪᠠᠷ ᠳᠡᠮᠵᠢᠨ᠂ 3 ᠡᠭᠡᠯᠵᠢ ᠶᠢᠨ ᠡᠯ᠎ᠡ ᠬᠤᠯᠪᠣᠭᠳᠠᠯ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠵᠢᠴᠢ 13 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠠᠯᠪᠠᠨ ᠬᠡᠷ ᠤᠨ ᠰᠠᠨᠠᠯ ᠢ ᠬᠤᠷᠢᠶᠠᠬᠤ ᠶᠢᠨ ᠬᠠᠮᠲᠤ ᠵᠠᠰᠠᠭ ᠤᠨ ᠣᠷᠳᠣᠨ ᠤ ᠰᠦᠯᠵᠢᠶ᠎ᠡ ᠪᠠᠷ | ᠳᠠᠮᠵᠢᠭᠤᠯᠤᠨ ᠨᠡᠶᠢᠭᠡᠮ ᠳᠤ ᠬᠠᠨᠳᠤᠭᠤᠯᠤᠨ ᠢᠯᠡ ᠪᠠᠷ ᠰᠠᠨᠠᠯ ᠬᠤᠷᠢᠶᠠᠵᠤ᠂ ︽ᠰᠠᠨᠠᠯ︾ ᠢ ᠵᠠᠰᠠᠨ | ᠲᠡᠭᠦᠯᠳᠡᠷᠵᠢᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠪᠠ᠃ ᠭᠤᠷᠪᠠ᠂ ᠭᠤᠣᠯ ᠠᠭᠤᠯᠭ᠎ᠠ ︽ᠪᠠᠭᠠᠷᠢᠨ ᠵᠡᠭᠦᠨ ᠬᠤᠰᠢᠭᠤᠨ ᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾ ᠳᠤ ᠨᠡᠶᠢᠲᠡ ᠠᠷᠪᠠᠨ ᠲᠠᠪᠤᠨ | ᠬᠡᠰᠡᠭ ᠢᠶᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ | ᠵᠠᠷᠴᠢᠮ᠂ ᠭᠤᠶᠤᠴᠢᠯᠠᠬᠤ ᠪᠠ ᠭᠥᠯᠢᠶᠡᠨ ᠠᠪᠴᠤ ᠰᠢᠢᠳᠪᠦᠷᠢᠯᠡᠬᠦ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠪᠠᠶᠢᠴᠠᠭᠠᠬᠤ ᠵᠢᠴᠢ ᠲᠣᠭᠠᠴᠠᠭ᠎ᠠ ᠬᠢᠬᠦ᠂ ᠢᠯᠡ ᠨᠡᠶᠢᠲᠡᠯᠡᠬᠦ᠂ ᠦᠨᠡᠯᠡᠨ ᠶᠠᠷᠢᠯᠴᠠᠬᠤ᠂ ᠬᠢᠨᠠᠨ ᠬᠠᠷᠭᠤᠭᠤᠯᠵᠤ | ᠨᠤᠲᠠᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠢᠯᠭᠠᠯ᠂ ᠪᠠᠯᠠ ᠮᠥᠩᠭᠦ ᠲᠠᠷᠬᠠᠭᠠᠬᠤ᠂ | ᠬᠥᠳᠡᠯᠦᠩᠭᠦᠶ ᠬᠠᠮᠢᠶᠠᠷᠤᠯᠲᠠ᠂ ᠬᠠᠪᠰᠤᠷᠤᠨ ᠲᠡᠳᠬᠦᠬᠦ᠂ ᠰᠤᠳᠤᠯᠤᠨ ᠮᠠᠭᠠᠳᠯᠠᠬᠤ ᠲᠣᠭᠲᠠᠴᠠ᠂ ᠲᠠᠩᠰᠠ | ᠡᠪᠬᠡᠮᠡᠯ ᠤᠨ ᠬᠠᠮᠢᠶᠠᠷᠤᠯᠲᠠ᠂ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠭᠤᠣᠯ | ᠠᠭᠤᠯᠭ᠎ᠠ ᠳᠤ ᠳᠣᠤᠷᠠᠬᠢ ᠬᠡᠳᠦᠨ ᠲᠠᠯ᠎ᠠ ᠶᠢ ᠪᠠᠭᠲᠠᠭᠠᠨ᠎ᠠ᠄ ᠨᠢᠭᠡᠳᠦᠭᠡᠷ ᠬᠡᠰᠡᠭ ᠨᠢ ︽ᠵᠢᠯᠣᠭᠤᠳᠬᠤ ᠦᠵᠡᠯ | ᠰᠠᠨᠠᠭ᠎ᠠ︾᠄ ᠭᠤᠣᠯᠳᠠᠭᠤ ᠦᠨᠳᠦᠰᠦ ᠪᠠᠷᠢᠮᠲᠠ ᠶᠢ ᠲᠣᠭᠲᠠᠭᠠᠬᠤ ᠵᠢᠯᠣᠭᠤᠳᠬᠤ ᠦᠵᠡᠯ ᠰᠠᠨᠠᠭ᠎ᠠ᠂ ᠨᠠᠮ ᠤᠨ ᠲᠥᠪ | ᠬᠤᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠢ | ᠲᠣᠭᠲᠠᠭᠠᠪᠠ᠃ ᠬᠤᠶᠠᠳᠤᠭᠠᠷ ᠬᠡᠰᠡᠭ ᠨᠢ ︽ᠦᠨᠳᠦᠰᠦᠨ ᠵᠠᠷᠴᠢᠮ︾᠄ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠤᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠨᠥᠬᠦᠴᠡᠯ ᠵᠢᠴᠢ | ᠮᠠᠭᠠᠳᠯᠠᠨ ᠲᠣᠭᠲᠠᠭᠠᠬᠤ ᠵᠢᠷᠤᠮᠯᠠᠬᠤ ᠦᠨᠳᠦᠰᠦᠨ ᠵᠠᠷᠴᠢᠮ ᠢ ᠲᠣᠳᠣᠷᠬᠠᠶᠢᠯᠠᠨ᠎ᠠ᠃ ᠭᠤᠷᠪᠠᠳᠤᠭᠠᠷ ᠬᠡᠰᠡᠭ᠄ | ᠭᠤᠤᠯᠳᠠᠭᠤ ᠡᠷᠦᠬᠡ ᠠᠮᠠ ᠶᠢᠨ ᠨᠥᠬᠦᠴᠡᠯ᠂ ᠬᠡᠷ ᠪᠦᠯᠢ ᠶᠢᠨ ᠪᠦᠷᠢᠯᠳᠦᠬᠦᠨ ᠢ ᠮᠠᠭᠠᠳᠯᠠᠨ ᠲᠣᠭᠲᠠᠭᠠᠬᠤ᠂ | ᠮᠠᠲ᠋ᠧᠷᠢᠶᠠᠯ ᠬᠠᠩᠭᠠᠬᠤ᠂ ᠮᠡᠳᠡᠭᠳᠡᠬᠦ ᠠᠮᠠᠯᠠᠯᠳᠠ ᠬᠢᠬᠦ ᠵᠡᠷᠭᠡ 4 ᠲᠠᠯ᠎ᠠ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠤᠶᠤᠴᠢᠯᠠᠬᠤ ᠨᠥᠬᠦᠴᠡᠯ ᠪᠠ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ | ᠲᠣᠳᠣᠷᠬᠠᠶᠢᠯᠠᠨ ᠥᠭᠦᠯᠡᠪᠡ᠃ ᠳᠥᠷᠪᠡᠳᠦᠭᠡᠷ ᠬᠡᠰᠡᠭ ︽ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠪᠠᠶᠢᠴᠠᠭᠠᠬᠤ ᠵᠢᠴᠢ ᠲᠣᠭᠠᠴᠠᠭ᠎ᠠ ᠬᠢᠬᠦ︾᠄ ᠭᠤᠤᠯᠳᠠᠭᠤ ᠡᠩ ᠤᠨ ᠬᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ | ᠂ ᠣᠨᠴᠠᠭᠠᠶ ᠬᠦᠴᠢᠷᠳᠡᠯᠲᠡᠶ ᠬᠡᠷ ᠪᠦᠯᠢ ᠶᠢᠨ ᠣᠷᠣᠯᠭ᠎ᠠ ᠶᠢ ᠰᠠᠭᠤᠯᠭᠠᠨ ᠲᠣᠭᠠᠴᠠᠭ᠎ᠠ ᠬᠢᠬᠦ᠂ ᠬᠡᠷ ᠪᠦᠯᠢ ᠶᠢᠨ ᠵᠠᠪᠠᠯ | ᠵᠠᠷᠤᠴᠠᠭᠤᠯᠬᠤ ᠵᠠᠷᠤᠯᠭ᠎ᠠ ᠶᠢᠨ ᠲᠣᠭᠠᠴᠠᠭ᠎ᠠ ᠬᠢᠬᠦ᠂ ᠬᠡᠷ ᠪᠦᠯᠢ ᠶᠢᠨ ᠣᠷᠣᠯᠭ᠎ᠠ ᠶᠢᠨ ᠲᠥᠷᠥᠯ ᠵᠦᠢᠯ ᠳᠤ ᠪᠤᠳᠤᠵᠤ | ᠣᠷᠣᠭᠤᠯᠬᠤ ᠥᠬᠡᠶ᠂ ᠬᠡᠷ ᠪᠦᠯᠢ ᠶᠢᠨ ᠡᠳ᠋ ᠬᠥᠷᠥᠩᠭᠡ ᠶᠢ ᠬᠢᠨᠠᠨ ᠲᠣᠭᠲᠠᠭᠠᠬᠤ ᠵᠡᠷᠭᠡ ᠲᠠᠯ᠎ᠠ ᠪᠠᠷ ᠬᠡᠷ ᠪᠦᠯᠢ ᠶᠢᠨ | ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠠᠷᠭ᠎ᠠ ᠮᠠᠶ᠋ᠢᠭ ᠵᠢᠴᠢ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠳᠣᠷᠬᠠᠶ | ᠲᠣᠭᠲᠠᠭᠠᠪᠠ᠃ | ᠲᠠᠪᠤᠳᠤᠭᠠᠷ ᠬᠡᠰᠡᠭ ︽ᠢᠯᠡ ᠨᠡᠶᠢᠲᠡᠯᠡᠬᠦ︾᠄ ᠠᠩᠬᠠᠨ ᠤ ᠬᠢᠨᠠᠯᠲᠠ ᠢᠯᠡ ᠨᠡᠶᠢᠲᠡᠯᠡᠬᠦ᠂ ᠣᠷᠳᠣ ᠬᠤᠭᠤᠴᠠᠭ᠎ᠠ ᠪᠠᠷ | ᠢᠯᠡ ᠨᠡᠶᠢᠲᠡᠯᠡᠬᠦ᠂ ᠢᠯᠡ ᠨᠡᠶᠢᠲᠡᠯᠡᠬᠦ ᠠᠭᠤᠯᠭ᠎ᠠ ᠵᠡᠷᠭᠡ 3 ᠲᠠᠯ᠎ᠠ ᠪᠠᠷ ᠢᠯᠡ ᠨᠡᠶᠢᠲᠡᠯᠡᠬᠦ ᠱᠠᠭᠠᠷᠳᠠᠯᠭ᠎ᠠ ᠶᠢ | ᠲᠣᠳᠣᠷᠬᠠᠶᠢᠯᠠᠪᠠ᠃ ᠵᠢᠷᠭᠤᠳᠤᠭᠠᠷ ᠬᠡᠰᠡᠭ ︽ᠦᠨᠡᠯᠡᠯᠲᠡ︾᠄ ᠮᠠᠷᠭᠤᠯᠳᠤᠭᠠᠨ ᠲᠠᠢ ᠠᠷᠠᠳᠴᠢᠯᠠᠯ ᠢᠶᠠᠷ ᠦᠨᠡᠯᠡᠬᠦ | ᠬᠥᠮᠦᠨ ᠪᠦᠷᠢᠯᠳᠦᠬᠦ᠂ ᠲᠥᠯᠥᠭᠡᠯᠡᠭᠴᠢ ᠪᠣᠶ ᠪᠣᠯᠬᠤ ᠬᠡᠪᠴᠢᠶ᠎ᠡ ᠪᠠ ᠠᠷᠭ᠎ᠠ ᠬᠡᠯᠪᠡᠷᠢ᠂ ᠦᠨᠡᠯᠡᠬᠦ ᠠᠭᠤᠯᠭ᠎ᠠ ᠵᠡᠷᠭᠡ 3 | ᠲᠠᠯ᠎ᠠ ᠪᠠᠷ ᠠᠷᠠᠳᠴᠢᠯᠠᠯ ᠢᠶᠠᠷ ᠦᠨᠡᠯᠡᠬᠦ ᠵᠢᠷᠤᠮ ᠢ ᠲᠣᠳᠣᠷᠬᠠᠶᠢᠯᠠᠪᠠ᠃ ᠰᠢᠨ᠎ᠡ ︽ᠰᠠᠨᠠᠯ︾ ᠳᠤ ᠲᠡᠩᠬᠡᠷᠡᠭᠦᠯᠦᠨ | ᠲᠤᠰᠠᠯᠠᠭᠤᠯᠬᠤ ᠪᠠᠷ ᠭᠤᠶᠤᠴᠢᠯᠠᠭᠰᠠᠨ ᠭᠡᠷ ᠪᠦᠯᠢ ᠳᠤ ᠠᠷᠠᠳᠴᠢᠯᠠᠯ ᠢᠶᠠᠷ ᠦᠨᠡᠯᠡᠯᠲᠡ ᠬᠢᠬᠦ ᠥᠬᠡᠶ ᠭᠡᠵᠦ ᠳᠤᠷᠠᠳᠤᠨ | ᠭᠠᠷᠭᠠᠪᠠ᠃ ᠳᠣᠯᠣᠳᠤᠭᠠᠷ ᠬᠡᠰᠡᠭ ︽ᠬᠢᠨᠠᠨ ᠬᠠᠷᠭᠤᠭᠤᠯᠵᠤ ᠨᠤᠲᠠᠯᠠᠬᠤ︾᠄ ᠠᠷᠠᠳ ᠤᠨ ᠶᠠᠪᠤᠳᠠᠯ ᠤᠨ ᠶᠠᠮᠤᠨ | ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ | ᠡᠷᠬᠡ ᠶᠢ ᠰᠤᠮᠤ ᠰᠢᠶᠠᠩ ᠪᠠᠯᠭᠠᠰᠤᠨ ᠳᠤ ᠪᠠᠭᠤᠯᠭᠠᠵᠤ᠂ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢ | ᠰᠢᠯᠢᠳᠡᠭᠵᠢᠭᠦᠯᠬᠦ ᠶᠢᠨ ᠬᠠᠮᠲᠤ᠂ ᠬᠢᠨᠠᠨ ᠬᠠᠷᠭᠤᠭᠤᠯᠬᠤ ᠴᠠᠭ ᠤᠨ ᠬᠢᠵᠠᠭᠠᠷ ᠢ ᠲᠣᠳᠣᠷᠬᠠᠶ ᠱᠠᠭᠠᠷᠳᠠᠪᠠ᠃ | ᠨᠠᠢᠮᠠᠳᠤᠭᠠᠷ ᠬᠡᠰᠡᠭ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠢᠯᠭᠠᠯ︾᠄ 3 ᠳᠡᠰ ᠪᠠ 6 | ᠬᠡᠰᠡᠭ ᠬᠤᠪᠢᠶᠠᠨ ︽ᠵᠥᠷᠢᠶ᠎ᠡ ᠶᠢ ᠨᠥᠬᠦᠪᠥᠷᠢᠯᠡᠬᠦ ᠠᠷᠭ᠎ᠠ ᠮᠠᠶ᠋ᠢᠭ︾ ᠢᠶᠠᠷ ᠠᠪᠤᠷᠠᠨ ᠲᠤᠰᠠᠯᠠᠨ᠎ᠠ᠃ ᠶᠢᠰᠦᠳᠦᠭᠡᠷ | ᠬᠡᠰᠡᠭ ︽ᠪᠠᠯᠠ ᠮᠥᠩᠭᠦ ᠣᠯᠭᠤᠬᠤ︾᠄ ᠪᠠᠯᠠ ᠮᠥᠩᠭᠦ ᠣᠯᠭᠤᠬᠤ ᠠᠷᠭ᠎ᠠ ᠮᠠᠶ᠋ᠢᠭ ᠵᠢᠴᠢ ᠴᠠᠭ ᠤᠨ ᠬᠢᠵᠠᠭᠠᠷ ᠤᠨ | ᠲᠤᠬᠠᠶ ᠱᠠᠭᠠᠷᠳᠠᠯᠭ᠎ᠠ ᠳᠤᠷᠠᠳᠪᠠ᠂ ᠲᠤᠬᠠᠶᠢᠯᠠᠪᠠᠯ ᠤᠯᠤᠰ ᠤᠨ ᠱᠠᠭᠠᠷᠳᠠᠯᠭ᠎ᠠ ᠶᠣᠰᠣᠭᠠᠷ ᠠᠪᠤᠷᠠᠨ ᠲᠤᠰᠠᠯᠠᠬᠤ ᠪᠠᠯᠠ | ᠮᠥᠩᠭᠦ ᠶᠢ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠷ ᠪᠦᠯᠢ ᠶᠢᠨ ᠲᠠᠩᠰᠠᠨ ᠡᠷᠦᠬᠡ ᠳᠤ ᠥᠭᠭᠦᠨ᠎ᠡ᠃ ᠠᠷᠪᠠᠳᠤᠭᠠᠷ ᠬᠡᠰᠡᠭ ︽ᠬᠥᠳᠡᠯᠦᠩᠭᠦᠶ ᠬᠠᠮᠢᠶᠠᠷᠤᠯᠲᠠ︾᠄ | ᠠᠪᠤᠷᠠᠨ ᠲᠤᠰᠠᠯᠠᠬᠤ ᠡᠲᠡᠭᠡᠳ ᠤᠨ ᠬᠤᠪᠢᠷᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ | ᠵᠢᠴᠢ ᠠᠷᠭ᠎ᠠ ᠮᠠᠶ᠋ᠢᠭ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠠᠯᠪᠠᠨ ᠬᠡᠷ︶ ᠤ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠬᠤ ᠠᠭᠤᠯᠭ᠎ᠠ | ᠵᠢᠴᠢ ᠤᠳᠠᠭ᠎ᠠ ᠶᠢ ᠲᠣᠳᠣᠷᠬᠠᠶ ᠲᠣᠭᠲᠠᠭᠠᠪᠠ᠃ ᠠᠷᠪᠠᠨ ᠨᠢᠭᠡᠳᠦᠭᠡᠷ ᠬᠡᠰᠡᠭ ︽ᠬᠠᠪᠰᠤᠷᠤᠨ ᠲᠡᠳᠬᠦᠬᠦ︾᠄ | ᠠᠭᠠᠵᠢᠮ ᠢᠶᠠᠷ ᠤᠬᠤᠷᠢᠨ ᠭᠠᠷᠬᠤ ᠬᠤᠭᠤᠴᠠᠭᠠᠨ ᠤ ᠡᠲᠡᠭᠡᠳ ᠤᠨ ᠬᠡᠪᠴᠢᠶ᠎ᠡ᠂ ᠬᠤᠭᠤᠴᠠᠭ᠎ᠠ ᠪᠠ ᠠᠭᠠᠵᠢᠮ ᠢᠶᠠᠷ | ᠭᠠᠷᠬᠤ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠬᠠᠮᠢᠶᠠᠷᠤᠯᠲᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ᠃ | ᠠᠷᠪᠠᠨ ᠬᠤᠶᠠᠳᠤᠭᠠᠷ ᠬᠡᠰᠡᠭ ︽ᠰᠤᠳᠤᠯᠤᠨ ᠮᠠᠭᠠᠳᠯᠠᠬᠤ ᠲᠣᠭᠲᠠᠴᠠ︾᠄ ᠣᠨᠴᠠᠭᠠᠶ ᠬᠦᠴᠢᠷᠳᠡᠯᠲᠡᠶ ᠬᠡᠷ | ᠪᠦᠯᠢ ᠶᠢᠨ ᠰᠤᠳᠤᠯᠤᠨ ᠮᠠᠭᠠᠳᠯᠠᠬᠤ 5 ᠵᠦᠶ᠋ᠯ ᠤᠨ ᠪᠠᠶᠢᠳᠠᠯ ᠪᠠ ᠰᠤᠳᠤᠯᠤᠨ ᠮᠠᠭᠠᠳᠯᠠᠬᠤ ᠳᠤᠭᠤᠶᠢᠯᠠᠩ ᠤᠨ | ᠪᠦᠷᠢᠯᠳᠦᠬᠦᠨ ᠢ ᠲᠣᠳᠣᠷᠬᠠᠶᠢᠯᠠᠪᠠ᠃ ᠠᠷᠪᠠᠨ ᠭᠤᠷᠪᠠᠳᠤᠭᠠᠷ ᠬᠡᠰᠡᠭ ︽ᠲᠠᠩᠰᠠ ᠡᠪᠬᠡᠮᠡᠯ ᠤᠨ ᠬᠠᠮᠢᠶᠠᠷᠤᠯᠲᠠ︾ | ᠄ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠩᠰᠠ ᠡᠪᠬᠡᠮᠡᠯ ᠢ ᠲᠥᠷᠥᠯ ᠬᠤᠪᠢᠶᠠᠨ ᠲᠠᠩᠰᠠ ᠡᠪᠬᠡᠮᠡᠯ ᠳᠤ ᠣᠷᠣᠭᠤᠯᠬᠤ᠂ | ᠬᠠᠳᠠᠭᠠᠯᠠᠬᠤ ᠬᠤᠭᠤᠴᠠᠭ᠎ᠠ ᠵᠢᠴᠢ ᠬᠠᠮᠢᠶᠠᠷᠴᠤ ᠠᠰᠢᠭᠯᠠᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠠᠷᠪᠠᠨ ᠳᠥᠷᠪᠡᠳᠦᠭᠡᠷ ᠬᠡᠰᠡᠭ ︽ᠬᠢᠨᠠᠯᠲᠠ ᠬᠠᠮᠢᠶᠠᠷᠤᠯᠲᠠ︾᠄ ᠬᠤᠰᠢᠭᠤ᠂ ᠰᠢᠶᠠᠩ᠂ ᠲᠣᠰᠬᠤᠨ ᠭᠤᠷᠪᠠᠨ | ᠱᠠᠲᠤᠨ ᠤ ᠡᠭᠦᠷᠭᠡ ᠬᠠᠷᠢᠭᠤᠴᠠᠯᠭ᠎ᠠ ᠪᠠ ᠠᠪᠤᠷᠠᠨ ᠲᠤᠰᠠᠯᠠᠬᠤ ᠶᠠᠪᠤᠴᠠ ᠳᠠᠬᠢ 10 ᠵᠦᠢᠯ ᠤᠨ | ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠪᠠ 7 ᠵᠦᠢᠯ ᠤᠨ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠢ | ᠲᠣᠳᠣᠷᠬᠠᠶᠢᠯᠠᠪᠠ᠃ ᠠᠷᠪᠠᠨ ᠲᠠᠪᠤᠳᠤᠭᠠᠷ ᠬᠡᠰᠡᠭ ︽ᠪᠤᠰᠤᠳ︾᠄ ᠡᠭᠦᠨ ᠠᠴᠠ ᠡᠮᠦᠨ᠎ᠡ ᠬᠤᠭᠤᠴᠠᠭ᠎ᠠ | ᠥᠩᠭᠡᠷᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠶᠢ ᠲᠣᠳᠣᠷᠬᠠᠶ | ᠲᠣᠭᠲᠠᠭᠠᠪᠠ᠃ ᠲᠦᠷᠪᠡ᠂ ᠤᠩᠰᠢᠨ ᠲᠠᠶᠢᠯᠪᠤᠷᠢᠯᠠᠬᠤ ᠨᠢᠭᠡᠴᠢ ᠲᠠᠶᠢᠯᠤᠮᠵᠢ ᠬᠢᠬᠦ ᠰᠠᠯᠠᠭ᠎ᠠ ᠮᠥᠴᠢᠷ᠄ | ᠪᠠᠭᠠᠷᠢᠨ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠯᠴᠠᠬᠤ ᠤᠲᠠᠰᠤ᠄ 0476 - | 7861403 ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ︽ᠪᠠᠭᠠᠷᠢᠨ ᠵᠡᠭᠦᠨ ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ | ᠮᠠᠭᠠᠳᠯᠠᠨ ᠲᠣᠭᠲᠠᠭᠠᠬᠤ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | -------------------- |