ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ | ᠤᠨ ᠱᠠᠭᠠᠷᠳᠠᠯᠭ᠎ᠠ ᠶᠢ ᠦᠨᠳᠦᠰᠦᠯᠡᠨ᠂ ᠪᠠᠭᠠᠷᠢᠨ ᠵᠡᠭᠦᠨ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠰᠠᠭᠤᠷᠢᠨ ᠳᠡᠭᠡᠷ᠎ᠡ ︽2024 ᠣᠨ ᠤ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ | ︵ᠳᠣᠷᠣᠭᠰᠢ ︽ᠵᠦᠢᠯᠡᠰ ᠤᠨ ᠭᠠᠷᠴᠠᠭ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠪᠠ᠃ ᠨᠢᠭᠡ᠂ ︽ | ᠵᠦᠢᠯᠡᠰ ᠤᠨ ᠭᠠᠷᠴᠠᠭ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ ᠨᠠᠮ ᠤᠨ ᠬᠤᠷᠢᠳᠤᠭᠠᠷ ᠶᠡᠭᠡ | ᠬᠤᠷᠠᠯ ᠠᠴᠠ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠰᠢᠨ᠎ᠡ ᠡᠭᠦᠷᠭᠡ ᠳᠤᠷᠠᠳᠴᠤ᠂ ᠶᠡᠷᠦᠩᠬᠡᠢ | ᠱᠦᠵᠢ ᠰᠢ ᠶᠢᠨ ᠫᠢᠩ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠬᠤᠶᠠᠳᠤᠭᠠᠷ | ᠬᠤᠷᠠᠯ ᠳᠡᠭᠡᠷ᠎ᠡ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ | ᠵᠢᠷᠤᠮᠵᠢᠭᠤᠯᠬᠤ ᠪᠣᠯ ᠬᠠᠤᠯᠢ ᠪᠠᠷ ᠤᠯᠤᠰ ᠢᠶᠠᠨ ᠵᠠᠰᠠᠬᠤ ᠶᠢᠨ ᠲᠤᠯᠭᠠᠮ᠎ᠠ ᠬᠡᠷᠡᠭᠴᠡᠭᠡ ᠮᠥᠨ᠃ ᠨᠠᠮ ᠤᠨ | ᠤᠳᠤᠷᠢᠳᠤᠯᠭ᠎ᠠ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠦᠬᠦ ᠶᠠᠪᠤᠴᠠ | ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠳᠤ ᠲᠣᠭᠲᠠᠭᠠᠭᠰᠠᠨ | ᠲᠡᠰ ᠳᠠᠷᠠᠭᠠᠯᠠᠯ ᠢ ᠭᠦᠢᠴᠡᠳᠬᠡᠵᠦ᠂ ᠤᠯᠠᠨ ᠨᠡᠶᠢᠲᠡ ᠶᠢᠨ ᠣᠷᠣᠯᠴᠠᠬᠤ ᠪᠣᠳᠠᠲᠤ ᠦᠷ᠎ᠡ ᠪᠦᠲᠦᠮᠵᠢ ᠶᠢ | ᠨᠡᠮᠡᠭᠳᠡᠭᠦᠯᠵᠦ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ᠂ ᠰᠢᠢᠳᠪᠦᠷᠢᠲᠦ ᠪᠤᠳᠤᠯᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ︾ | ᠬᠡᠷᠡᠭᠲᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠭᠠᠷᠴᠠᠭ ᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠨᠢ ᠨᠠᠮ ᠪᠠ ᠤᠯᠤᠰ ᠤᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠶ ᠲᠤᠯᠭᠠᠮ᠎ᠠ ᠬᠡᠷᠡᠭᠴᠡᠭᠡ | ᠪᠣᠯᠬᠤ ᠪᠥᠭᠡᠳ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 713 ᠳ᠋ᠤᠭᠠᠷ | ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠤᠨ ᠵᠠᠶᠢᠯᠠᠰᠢ ᠥᠬᠡᠶ | ᠱᠠᠭᠠᠷᠳᠠᠯᠭ᠎ᠠ ᠪᠠᠶᠢᠵᠤ᠂ ᠨᠡᠶᠢᠲᠡ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ | ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠳᠤ ᠠᠰᠢᠭᠲᠠᠶ ᠶᠤᠮ᠃ ᠬᠤᠶᠠᠷ᠂ ︽ᠵᠦᠢᠯᠡᠰ ᠤᠨ ᠭᠠᠷᠴᠠᠭ︾ ᠤᠨ | ᠦᠨᠳᠦᠰᠦᠨ ᠪᠠᠶᠢᠳᠠᠯ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠮᠡᠳᠡᠭᠳᠡᠯ ᠳᠠᠷᠤᠮᠠᠯᠯᠠᠨ ᠲᠠᠷᠬᠠᠭᠠᠬᠤ ᠪᠠᠷ ᠳᠡᠮᠵᠢᠨ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠬᠦᠷᠢᠶ᠎ᠡ ᠬᠡᠪᠴᠢᠶ᠎ᠡ ᠲᠠᠢ ᠬᠠᠷᠢᠴᠠᠭᠤᠯᠵᠤ᠂ 2024 ᠣᠨ ᠳᠤ ᠬᠤᠰᠢᠭᠤᠨ ᠤ ᠵᠠᠰᠠᠭ ᠤᠨ ᠣᠷᠳᠣᠨ ᠳᠤ ᠲᠤᠰᠢᠶᠠᠬᠤ | ᠴᠢᠬᠤᠯᠠᠲᠠᠢ ᠴᠢᠬᠤᠯᠠ ᠶᠡᠭᠡ ᠵᠠᠰᠠᠭ ᠵᠠᠬᠢᠷᠭᠠᠨ ᠤ ᠵᠦᠢᠯᠡᠰ ᠢ ᠨᠠᠷᠢᠨ ᠬᠢᠨᠠᠮᠠᠭᠠᠢ ᠡᠮᠬᠢᠯᠡᠬᠦ ᠪᠠ ᠦᠨᠡᠯᠡᠨ ᠵᠢᠱᠢᠬᠦ | ᠬᠡᠷᠡᠭᠲᠡᠢ ᠭᠡᠵᠦ ᠱᠠᠭᠠᠷᠳᠠᠪᠠ᠃ ᠡᠯ᠎ᠡ ᠨᠢᠭᠡᠴᠡ ᠶᠢᠨ ᠮᠡᠳᠡᠭᠦᠯᠦᠨ ᠬᠦᠷᠭᠡᠭᠰᠡᠨ ᠪᠠᠶᠢᠳᠠᠯ ᠲᠠᠢ ᠤᠶᠠᠯᠳᠤᠭᠤᠯᠤᠨ᠂ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠷ ᠨᠠᠷᠢᠨ | ᠬᠢᠨᠠᠮᠠᠭᠠᠶ ᠡᠮᠬᠢᠯᠡᠵᠦ᠂ ᠵᠦᠢᠯ ᠳᠠᠷᠠᠭᠠᠯᠠᠨ ᠰᠤᠳᠤᠯᠤᠨ ᠵᠠᠳᠠᠯᠵᠤ᠂ ᠬᠠᠮᠤᠭ ᠡᠴᠦᠰ ᠲᠤ ︽ᠪᠠᠭᠠᠷᠢᠨ ᠵᠡᠭᠦᠨ | ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾ | ᠵᠡᠷᠭᠡ 2 ᠵᠦᠢᠯᠡᠰ ᠢ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠵᠦᠢᠯᠡᠰ ᠪᠣᠯᠭᠠᠬᠤ ᠪᠠᠷ ᠲᠣᠭᠲᠠᠭᠠᠪᠠ᠃ ᠭᠤᠷᠪᠠ᠂ ︽ᠵᠦᠢᠯᠡᠰ ᠤᠨ ᠭᠠᠷᠴᠠᠭ︾ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ | ᠳᠠᠭᠠᠭᠠᠨ ᠭᠦᠢᠴᠡᠳᠬᠡᠬᠦ ᠨᠢᠭᠡᠴᠡ ᠨᠢ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠡᠷᠬᠡᠪᠰᠢ ᠣᠯᠠᠨ ᠨᠡᠶᠢᠲᠡ ᠪᠠᠷ ᠢᠶᠠᠨ ᠣᠷᠣᠯᠴᠠᠬᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ | ᠬᠢᠨᠠᠨ ᠬᠠᠷᠭᠤᠭᠤᠯᠬᠤ᠂ ᠬᠠᠮᠲᠤ ᠪᠠᠷ ᠶᠠᠷᠢᠯᠴᠠᠬᠤ ᠵᠡᠷᠭᠡ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠴᠢᠩᠭ᠎ᠠ | ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠵᠦᠶ ᠵᠣᠬᠢᠰᠲᠠᠶ᠂ ᠶᠠᠪᠤᠴᠠ ᠨᠢ ᠢᠯᠡ ᠲᠣᠳᠣ᠂ ᠬᠠᠷᠢᠭᠤᠴᠠᠯᠭ᠎ᠠ ᠨᠢ | ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠵᠦᠢᠯᠡᠰ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠢᠳᠪᠦᠷᠢᠲᠦ | ᠪᠣᠳᠣᠯᠭ᠎ᠠ ᠶᠢᠨ ᠲᠥᠷᠥᠯ ᠵᠦᠢᠯ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ | ᠪᠦᠷᠢᠯᠳᠦᠭᠰᠡᠨ ᠮᠠᠲ᠋ᠧᠷᠢᠶᠠᠯ ᠢ ᠴᠠᠭ ᠲᠤᠬᠠᠶ ᠳᠤᠨᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠵᠤ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠪᠥᠬᠦ ᠶᠠᠪᠤᠴᠠ ᠶᠢᠨ ᠲᠡᠮᠳᠡᠭᠯᠡᠯ ᠢ ᠦᠨᠡᠨ ᠬᠦ ᠪᠠᠲᠤᠯᠠᠬᠤ | ᠬᠡᠷᠡᠭᠲᠡᠶ᠃ ᠳᠥᠷᠪᠡ᠂ ᠲᠣᠳᠣᠷᠬᠠᠶᠢᠯᠠᠬᠤ ᠴᠢᠬᠤᠯᠠᠲᠠᠶ ᠪᠤᠰᠤᠳ ᠵᠦᠢᠯᠡᠰ ᠲᠣᠰ ︽ᠵᠦᠢᠯᠡᠰ ᠤᠨ ᠭᠠᠷᠴᠠᠭ︾ | ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠡᠭᠦᠷᠭᠡ ᠶᠢ ᠦᠨᠳᠦᠰᠦᠯᠡᠨ ᠬᠥᠳᠡᠯᠦᠩᠭᠦᠶ | ᠲᠣᠬᠢᠷᠠᠭᠤᠯᠤᠯᠲᠠ ᠬᠢᠨ᠎ᠠ᠃ ᠦᠨᠡᠬᠡᠷ ᠰᠢᠨ᠎ᠡ ᠪᠠᠷ ᠨᠡᠮᠡᠭᠰᠡᠨ ᠪᠤᠶᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠳᠠᠭᠠᠭᠠᠨ ᠭᠦᠢᠴᠡᠳᠭᠡᠬᠦ ᠨᠢᠭᠡᠴᠡ ᠠᠴᠠ ︽ᠤᠯᠠᠭᠠᠨᠬᠠᠳᠠ ᠬᠤᠲᠠ ᠶᠢᠨ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾ | ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ | ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 2024 ᠣᠨ ᠤ | ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ | http://www.blzq.gov. | cn/zfxxgk/fdzdgknr/blzq_zfbwj/202405/t20240510_2315925.html |