ᠠᠷᠪᠠᠨ ᠵᠢᠷᠭᠤᠳᠤᠭᠠᠷ ᠬᠤᠭᠤᠴᠠᠭᠠᠨ ᠤ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/19
   11 ᠰᠠᠷ᠎ᠠ ᠶᠢᠨ 15 ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ ᠵᠢᠴᠢ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠥᠬᠦ ᠬᠥᠮᠦᠰ ᠬᠤᠷᠠᠯ ᠳᠤ ᠣᠷᠣᠯᠴᠠᠵᠤ᠂ ᠡᠯ᠎ᠡ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠨᠥᠬᠦᠳ ᠬᠤᠷᠠᠯ ᠳᠤ ᠰᠤᠯᠠ ᠣᠷᠣᠯᠴᠠᠵᠠᠶ᠃

   
ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠡᠷᠭᠡ ᠲᠤᠰᠢᠶᠠᠯ ᠤᠨ ᠡᠷᠬᠡ ᠣᠯᠭᠤᠯᠲᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠤᠩᠰᠢᠨ ᠨᠡᠶᠢᠲᠡᠯᠡᠪᠡ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠴᠠᠭᠳᠠᠨ ᠪᠠᠶᠢᠴᠠᠭᠠᠬᠤ ᠶᠢ ᠬᠦᠯᠢᠶᠡᠨ ᠠᠪᠬᠤ ᠣᠪᠣᠷ ᠢᠶᠠᠨ ᠢᠯᠡᠳᠬᠡᠬᠦ ᠦᠭᠡ ᠬᠡᠯᠡᠪᠡ᠃
   ᠬᠤᠷᠠᠯ ᠠᠴᠠ᠂ ᠵᠣᠭᠰᠣᠴᠠ ᠪᠠᠨ
ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠤᠯᠤᠰ ᠲᠦᠷᠦ ᠶᠢᠨ ᠰᠢᠨᠵᠢ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠳᠤ ᠬᠦᠴᠦᠯᠡᠨ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠪᠤᠷᠤᠭᠤ ᠶᠢ ᠪᠠᠶᠢᠴᠠᠭᠠᠨ ᠵᠠᠯᠠᠷᠠᠭᠤᠯᠬᠤ ᠶᠢ ᠴᠢᠩᠭᠠᠳᠬᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠬᠦᠨᠳᠦ ᠨᠣᠴᠢᠲᠠᠢ ᠪᠠᠶᠢᠳᠠᠯ ᠢ ᠣᠨᠣᠪᠴᠢᠲᠠᠢ ᠡᠵᠡᠮᠳᠡᠵᠦ᠂ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠬᠢᠨᠠᠯᠲᠠ ᠲᠠᠯᠪᠢᠬᠤ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠨᠡᠪᠲᠡᠷᠡᠯᠴᠡᠵᠦ ᠠᠭᠤᠰᠤᠯᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠠᠰᠠᠭᠤᠳᠠᠯ ᠢ ᠭᠦᠨᠵᠡᠭᠡᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠴᠢᠨᠠᠷ ᠰᠠᠶᠢᠲᠠᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠭᠠᠷᠢᠨ ᠵᠡᠭᠦᠨ ᠬᠤᠰᠢᠭᠤᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃
   ᠳᠠᠶᠢᠴᠢᠯᠠᠯᠲᠠ
ᠪᠠᠶᠢᠷᠢᠯᠠᠭᠤᠯᠤᠯᠲᠠ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠲᠣᠰ ᠡᠭᠡᠯᠵᠢ ᠶᠢᠨ ᠲᠣᠭᠤᠷᠢᠨ ᠴᠠᠭᠳᠠᠬᠤ ᠠᠴᠠ ᠡᠮᠦᠨᠡᠬᠢ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号