ᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/19
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                 ᠥᠪᠥᠷ ᠵᠠᠰᠠᠭ ᠦᠰᠦᠭ ﹇2024﹈ 179 ᠳ᠋ᠦ᠋ᠭᠡᠷ ᠲᠣᠭᠠᠲᠤᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠲᠤᠬᠠᠢᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 586 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ  ᠮᠡᠳᠡᠭᠳᠡᠶ᠎ᠡ᠃    ᠨᠢᠭᠡ᠂ ︽ᠮᠡᠳᠡᠭᠳᠡᠯ︾ ᠤᠨ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽ᠠᠵᠢᠯᠲᠠᠨ ᠠᠵᠢᠯᠴᠢᠨ ᠠᠳᠡᠯ ᠭᠠᠷᠤᠭᠰᠠᠨ ᠠᠴᠠ ᠪᠣᠯᠵᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ︾ ᠭᠡᠳᠡᠭ ᠢ ︽ᠠᠵᠢᠯᠲᠠᠨ ᠠᠵᠢᠯᠴᠢᠨ ᠠᠳᠡᠯ ᠳᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ᠃ ᠣᠨᠴᠠᠭᠠᠢ ᠪᠠᠶᠢᠳᠠᠯ ᠲᠣᠬᠢᠶᠠᠯᠳᠤᠪᠠᠯ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠡᠳ᠂ ᠭᠤᠶᠤᠴᠢᠯᠠᠬᠤ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ︾ ᠭᠡᠵᠦ ᠵᠠᠰᠠᠪᠤᠷᠢ ᠣᠷᠣᠭᠤᠯᠪᠠ᠃    ᠬᠤᠶᠠᠷ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                    2024 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号